12 ᠰᠠᠷ᠎ᠠ ᠶᠢᠨ 28 ᠤ ᠡᠳᠦᠷ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ | 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ᠃ | ᠬᠤᠷᠠᠯ ᠠᠴᠠ ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯᠤᠨ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2025 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠠᠢ᠃ | ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠬᠠᠤᠯᠢᠵᠢᠯ ᠤᠨ | ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠤᠪᠤᠶᠢᠯᠭᠠᠵᠦ᠂ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠬᠢ ᠡᠭᠦᠰᠦᠯ ᠠᠴᠠ ᠨᠢ | ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠡᠮ ᠰᠣᠭᠤᠭ ᠤᠨ ᠠᠰᠠᠭᠤᠳᠠᠯ ᠢ ᠪᠠᠶᠢᠴᠠᠭᠠᠨ ᠴᠡᠭᠴᠡᠯᠡᠨ ᠵᠠᠰᠠᠬᠤ ᠶᠢ | ᠰᠠᠶᠢᠲᠤᠷ ᠠᠳᠬᠤᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ | ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ | ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ 2025 | ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠲᠠᠢ ᠬᠠᠷᠢᠴᠠᠭᠤᠯᠤᠨ᠂ ᠠᠵᠢᠯ ᠤᠨ | ᠬᠠᠷᠠᠯᠲᠠ ᠪᠠᠨ ᠲᠣᠳᠣᠷᠬᠠᠶᠢᠯᠠᠵᠤ᠂ ᠬᠥᠭᠵᠢᠯᠲᠡ ᠶᠢᠨ ᠰᠡᠳᠬᠢᠴᠡ ᠪᠠᠨ ᠰᠢᠯᠤᠭᠤᠳᠬᠠᠨ᠂ ᠠᠵᠢᠯ ᠤᠨ ᠠᠷᠭ᠎ᠠ | ᠬᠡᠮᠵᠢᠶ᠎ᠡ ᠪᠠᠨ ᠲᠡᠭᠦᠯᠳᠡᠷᠵᠢᠭᠦᠯᠵᠦ᠂ ᠵᠦᠢᠯ ᠳᠠᠷᠠᠭᠠᠯᠠᠨ ᠨᠠᠶᠢᠳᠠᠪᠤᠷᠢᠵᠢᠭᠤᠯᠤᠨ᠂ ᠠᠷᠠᠳ ᠲᠦᠮᠡᠨ ᠤ ᠠᠵᠠ ᠵᠢᠷᠭᠠᠯ ᠢ | ᠦᠨᠡᠨ ᠬᠦ ᠨᠡᠮᠡᠭᠳᠡᠭᠦᠯᠬᠦ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |