ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ 13 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/30
   12 ᠰᠠᠷ᠎ᠠ ᠶᠢᠨ 28 ᠤ ᠡᠳᠦᠷ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 13 ᠳ᠋ᠤᠭᠠᠷ ᠤᠳᠠᠭᠠᠨ ᠤ ᠬᠤᠷᠠᠯ ᠬᠤᠷᠠᠯᠳᠤᠪᠠ᠃    ᠬᠤᠷᠠᠯ ᠠᠴᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠳᠤᠯᠤᠨ ᠪᠠᠶᠢᠷᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠳᠥᠷᠪᠡᠳᠦᠭᠡᠷ ᠤᠳᠠᠭᠠᠨ ᠤ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠡᠷᠬᠡᠪᠰᠢ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠶ︾᠂ ︽ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠶ ᠠᠬᠢᠭᠤᠯᠤᠶ᠎ᠠ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠤ ᠣᠯᠠᠨ ᠨᠡᠶᠢᠲᠡ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠣᠷᠣᠯᠴᠠᠬᠤ ᠲᠦᠷᠢᠮ ︵ᠬᠢᠨᠠᠨ ᠲᠣᠭᠲᠠᠭᠠᠬᠤ ᠲᠦᠷᠢᠮ︶ ᠤᠨ ᠥᠭᠡᠷᠡᠴᠢᠯᠡᠯᠲᠡ ᠶᠢᠨ ᠲᠥᠰᠦᠯ︾ ᠂ ︽ᠵᠠᠰᠠᠭ ᠬᠤᠳᠠᠯᠳᠤᠭᠠᠨ ᠤ ᠶᠠᠪᠤᠯᠴᠠᠭ᠎ᠠ ᠶᠢᠨ ᠠᠵᠢᠯᠯᠠᠭ᠎ᠠ ᠶᠢ ᠵᠢᠷᠤᠮᠵᠢᠭᠤᠯᠬᠤ ᠵᠥᠪ ᠲᠠᠯ᠎ᠠ ᠶᠢᠨ ᠨᠠᠷᠢᠨ ᠲᠠᠩᠰᠠ ︵ᠲᠤᠷᠰᠢᠨ ᠬᠡᠷᠡᠭᠵᠢᠭᠦᠯᠬᠦ︶︾᠂ ︽ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠮᠦᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠵᠣᠷᠢᠭᠵᠢᠭᠤᠯᠬᠤ ᠨᠠᠷᠢᠨ ᠲᠠᠩᠰᠠ ︵ᠲᠤᠷᠰᠢᠨ ᠬᠡᠷᠡᠭᠵᠢᠭᠦᠯᠬᠦ︶︾ ᠭᠡᠪᠡ᠃    ᠬᠤᠷᠠᠯ ᠠᠴᠠ᠂ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠨᠠᠮ ᠤᠨ ᠲᠥᠪ ᠬᠤᠷᠢᠶᠠᠨ ᠤ ᠵᠠᠳᠠᠯᠤᠯᠲᠠ ᠮᠠᠭᠠᠳᠯᠠᠯᠲᠠ ᠶᠢ ᠣᠨᠣᠪᠴᠢᠲᠠᠢ ᠡᠵᠡᠮᠳᠡᠵᠦ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢ ᠬᠤᠶᠠᠷ ᠶᠡᠭᠡ ᠶᠠᠪᠤᠳᠠᠯ ᠢᠯᠠᠩᠭᠤᠶ᠎ᠠ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠬᠤᠷᠠᠯ ᠠᠴᠠ ᠲᠣᠭᠲᠠᠭᠠᠭᠰᠠᠨ ᠶᠢᠰᠦᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠪᠣᠳᠠᠲᠠᠢ ᠶᠠᠪᠤᠳᠠᠯ ᠪᠣᠯᠭᠠᠨ ᠬᠤᠪᠢᠷᠠᠭᠤᠯᠵᠤ᠂ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ ᠭᠦᠢᠴᠡᠳ ᠰᠠᠶᠢᠲᠤᠷ ᠬᠡᠷᠡᠭᠯᠡᠵᠦ᠂ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠢᠶᠠᠨ ᠥᠨᠳᠥᠷ ᠪᠦᠲᠦᠮᠵᠢᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2