ᠶᠠᠩ ᠸᠧᠨ ᠾᠦᠢ ᠠᠶᠤᠯᠭᠦᠶ ᠦᠢᠯᠡᠳᠪᠦᠷᠢᠯᠡᠯ ᠤᠨ ᠠᠵᠢᠯ ᠢ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/12/30
    12 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ ᠱᠠᠩᠳᠤ ᠰᠢᠶᠠᠨ ᠤ 150 ᠲᠦᠮᠡᠨ ᠺᠢᠯᠣᠸᠠᠲ ᠤᠨ ᠭᠡᠷᠡᠯ ᠸᠣᠯᠲ ᠡᠪᠡᠰᠦᠨ ᠤ ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠰᠢᠶᠠᠨ ᠤ ᠤᠳᠤᠷᠢᠳᠤᠯᠭ᠎ᠠ ᠰᠢᠶᠦ᠋ᠩ ᠸᠧᠢ ᠵᠢᠴᠢ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠣᠷᠣᠯᠴᠠᠪᠠ᠃    ᠱᠠᠩᠳᠤ ᠰᠢᠶᠠᠨ ᠤ 150 ᠲᠦᠮᠡᠨ ᠺᠢᠯᠣᠸᠠᠲ ᠤᠨ ᠭᠡᠷᠡᠯ ᠴᠡᠨᠡᠭ ᠤᠨ ᠡᠪᠡᠰᠦᠨ ᠤ ᠦᠢᠯᠡᠰ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠶᠠᠩ ᠸᠧᠨ ᠾᠦᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠨᠠᠷᠢᠨ ᠣᠶᠢᠯᠠᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠨᠠᠭᠰᠢᠳᠠ ᠰᠠᠶᠢᠲᠤᠷ ᠠᠳᠬᠤᠬᠤ ᠲᠤᠬᠠᠢ ᠵᠢᠯᠣᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃    ᠶᠠᠩ ᠸᠧᠨ ᠾᠦᠢ ᠬᠡᠯᠡᠬᠦ ᠳᠡᠭᠡᠨ᠂ ᠬᠠᠬᠢᠷ ᠡᠪᠦᠯ ᠤᠨ ᠬᠥᠬᠡᠭᠡ ᠰᠠᠷ᠎ᠠ ᠳᠤ᠂ ᠠᠭᠠᠷ ᠤᠨ ᠳᠤᠯᠠᠭᠠᠨ ᠠᠭᠠᠵᠢᠮ ᠢᠶᠠᠷ ᠪᠠᠭᠤᠷᠠᠵᠤ᠂ ᠪᠠᠷᠢᠯᠭ᠎ᠠ ᠶᠢᠨ ᠲᠠᠯ᠎ᠠ ᠶᠢᠨ ᠬᠢᠨ ᠲᠥᠷᠥᠯ ᠵᠦᠢᠯ ᠤᠨ ᠰᠡᠭᠦᠯ ᠬᠤᠷᠢᠶᠠᠬᠤ ᠠᠵᠢᠯ ᠢ ᠲᠦᠷᠭᠡᠳᠬᠡᠬᠦ ᠶᠢᠨ ᠬᠠᠮᠲᠤ᠂ ᠡᠯ᠎ᠡ ᠲᠥᠷᠥᠯ ᠤᠨ ᠬᠦᠢᠲᠡᠨ ᠢ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠦᠨᠡᠨ ᠬᠦ ᠰᠠᠶᠢᠲᠤᠷ ᠬᠢᠵᠦ᠂ ᠴᠠᠬᠢᠯᠭᠠᠨ ᠠᠪᠴᠤ ᠠᠵᠢᠯᠯᠠᠬᠤ ᠠᠮᠤᠷ ᠲᠦᠪᠰᠢᠨ ᠢ ᠴᠢᠬᠤᠯᠠᠴᠢᠯᠠᠨ᠂ ᠰᠤᠷᠭᠠᠨ ᠬᠥᠮᠦᠵᠢᠯ ᠤᠨ ᠪᠠᠷᠢᠯᠭ᠎ᠠ ᠶᠢᠨ ᠠᠵᠢᠯᠲᠠᠳ ᠤᠨ ᠡᠯ᠎ᠡ ᠵᠦᠢᠯ ᠤᠨ ᠠᠮᠤᠷ ᠲᠦᠪᠰᠢᠨ ᠤ ᠠᠵᠢᠯᠯᠠᠬᠤ ᠳᠦᠷᠢᠮ ᠢ ᠴᠢᠩᠭ᠎ᠠ ᠵᠢᠷᠤᠮᠯᠠᠬᠤ ᠶᠢ ᠰᠢᠮᠳᠠᠭᠤᠯᠵᠤ᠂ ᠡᠯ᠎ᠡ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠡᠶ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2