12 ᠰᠠᠷ᠎ᠠ ᠶᠢᠨ 27 ᠤ ᠡᠳᠦᠷ᠂ ᠱᠠᠩᠳᠤ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠭᠤᠷᠪᠠᠳᠤᠭᠠᠷ ᠬᠤᠷᠠᠯ ᠬᠤᠷᠠᠯᠳᠤᠭᠤᠯᠪᠠ | ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠦᠸᠧ ᠱᠸᠤ | ᠢᠦᠢ ᠬᠤᠷᠠᠯ ᠢ ᠡᠷᠬᠢᠯᠡᠵᠦ᠂ ᠳᠡᠳ᠋ ᠡᠷᠬᠢᠯᠡᠭᠴᠢ ᠯᠠᠨ ᠷᠦᠢ ᠰᠢᠨ᠂ ᠶᠧ ᠱᠢ ᠬᠠᠢ᠂ ᠼᠤᠤ ᠵᠢᠶᠦ᠋ᠨ ᠵᠢᠴᠢ | ᠭᠡᠰᠢᠭᠦᠳ ᠬᠤᠷᠠᠯ ᠳᠤ ᠣᠷᠣᠯᠴᠠᠪᠠ᠃ | ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠼᠦᠢ ᡁᠢ ᠸᠧᠶ᠂ | ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠳᠠᠷᠤᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠡᠳ᠋ ᠤᠨ | ᠵᠠᠰᠠᠭ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠰᠢᠶᠠᠩ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠣᠯᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠠᠯᠪᠠᠨ ᠬᠡᠷ ᠤᠨ ᠬᠠᠮᠢᠶ᠎ᠠ ᠪᠥᠬᠦᠶ ᠠᠵᠢᠯᠲᠠᠨ | ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠠᠷᠪᠠᠨ ᠵᠢᠷᠭᠤᠳᠤᠭᠠᠷ ᠬᠤᠭᠤᠴᠠᠭᠠᠨ ᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠡᠰᠡᠭ ᠲᠥᠯᠥᠭᠡᠯᠡᠭᠴᠢ ᠲᠤᠰᠢᠶᠠᠯ ᠠᠴᠠ ᠪᠠᠨ ᠪᠠᠭᠤᠭᠰᠠᠨ ᠮᠡᠳᠡᠭᠦᠯᠦᠯᠲᠡ ᠶᠢ ᠬᠢᠨᠠᠨ ᠶᠠᠷᠢᠯᠴᠠᠵᠤ | ᠪᠠᠲᠤᠯᠠᠪᠠ︔ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ | ᠪᠠᠶᠢᠩᠭᠤ ᠶᠢᠨ ᠬᠤᠷᠢᠶᠠᠨ ᠤ ᠭᠡᠰᠢᠭᠦᠳ ᠤᠨ ᠲᠤᠰᠢᠶᠠᠯ ᠠᠴᠠ ᠪᠠᠨ ᠪᠠᠭᠤᠭᠰᠠᠨ ᠮᠡᠳᠡᠭᠦᠯᠦᠯᠲᠡ ᠶᠢ ᠬᠢᠨᠠᠨ ᠶᠠᠷᠢᠯᠴᠠᠵᠤ | ᠪᠠᠲᠤᠯᠠᠪᠠ︔ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ | ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠬᠦᠨ ᠳᠤ ᠲᠣᠬᠢᠷᠠᠭᠤᠯᠤᠯᠲᠠ ᠬᠢᠬᠦ | ᠲᠤᠬᠠᠶ ᠰᠠᠨᠠᠭᠤᠯᠭ᠎ᠠ︾ ᠶᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠰᠢᠶᠠᠨ ᠤ ᠠᠷᠠᠳ ᠤᠨ ᠵᠠᠰᠠᠭ ᠤᠨ | ᠣᠷᠳᠣᠨ ᠤ ︽2024 ᠣᠨ ᠤ ᠱᠠᠩᠳᠤ ᠰᠢᠶᠠᠨ ᠤ ᠲᠣᠰ ᠱᠠᠲᠤᠨ ᠤ ᠲᠥᠰᠦᠪ ᠤᠨ ᠲᠣᠬᠢᠷᠠᠭᠤᠯᠤᠯᠲᠠ ᠶᠢᠨ | ᠲᠥᠰᠦᠯ ︵ᠲᠥᠰᠦᠯ︶ ᠤᠨ ᠲᠤᠬᠠᠶ ᠮᠡᠳᠡᠭᠦᠯᠦᠯᠲᠡ︾᠂ ︽ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ | ᠪᠠᠶᠢᠴᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ᠪᠠ ︽︿ᠰᠢᠨ᠎ᠡ ᠰᠤᠷᠲᠠᠯ ᠲᠥᠪ | ᠰᠤᠷᠲᠠᠯ ᠢ ᠪᠣᠶ ᠪᠣᠯᠭᠠᠬᠤ᠂ ᠬᠦᠴᠦᠲᠡᠶ ᠴᠣᠬᠢᠯᠲᠠ ᠥᠭᠴᠦ ᠰᠡᠷᠭᠡᠶᠢᠯᠡᠨ ᠡᠵᠡᠮᠳᠡᠬᠦ᠂ ᠲᠡᠷᠢᠭᠦᠨ ᠤ ᠰᠢᠯᠢᠳᠡᠭ | ᠠᠮᠵᠢᠯᠲᠠ ᠪᠦᠲᠦᠮᠵᠢ ᠡᠭᠦᠳᠬᠦ︾ ᠲᠤᠰᠬᠠᠶ ᠠᠵᠢᠯᠯᠠᠭ᠎ᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ︾ ᠵᠡᠷᠭᠡ ᠶᠢ | ᠰᠣᠨᠣᠰᠴᠤ ᠬᠢᠨᠠᠨ ᠵᠥᠪᠯᠡᠪᠡ᠃ |