ᠪᠥᠬᠦ ᠰᠢᠶᠠᠨ ᠤ ᠨᠠᠮ ᠤᠨ ᠬᠤᠷᠢᠶᠠᠨ ᠤ ᠮᠡᠳᠡᠭᠡ ᠵᠠᠩᠭᠢ ᠶᠢᠨ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠡᠳᠡᠭᠡ ᠵᠠᠩᠭᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ | ᠮᠡᠳᠡᠭᠡ ᠵᠠᠩᠭᠢ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠥᠬᠡᠶ ᠠᠬᠢᠭᠤᠯᠬᠤ ᠶᠢᠨ | ᠲᠥᠯᠥᠭᠡ᠂ 12 ᠰᠠᠷ᠎ᠠ ᠶᠢᠨ 27 ᠤ ᠡᠳᠦᠷ᠂ ᠱᠠᠩᠳᠤ ᠰᠢᠶᠠᠨ ᠨᠠᠮ ᠤᠨ ᠬᠤᠷᠢᠶᠠᠨ ᠤ ᠰᠢᠰᠲ᠋ᠧᠮ ᠤᠨ ᠮᠡᠳᠡᠭᠡ | ᠵᠠᠩᠭᠢ ᠶᠢᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ᠃ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠴᠧᠨ ᠶᠠ ᠮᠢᠩ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠨᠢ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ | ᠮᠡᠳᠡᠭᠡ ᠵᠠᠩᠭᠢ ᠶᠢᠨ ᠨᠢᠭᠡᠳᠦᠭᠡᠷ ᠰᠠᠯᠠᠭᠠᠨ ᠤ ᠰᠠᠯᠠᠭᠠᠨ ᠳᠠᠷᠤᠭ᠎ᠠ ᠡᠤ ᠰᠢᠶᠤᠤ ᠭᠤᠸᠠᠩ᠂ ᠮᠡᠳᠡᠭᠡ ᠵᠠᠩᠭᠢ ᠶᠢᠨ | ᠬᠤᠶᠠᠳᠤᠭᠠᠷ ᠰᠠᠯᠠᠭᠠᠨ ᠤ ᠰᠠᠯᠠᠭᠠᠨ ᠳᠠᠷᠤᠭ᠎ᠠ ᠮᠥ ᠴᠢ ᠶᠢ ᠤᠷᠢᠵᠤ ᠬᠢᠴᠢᠶᠡᠯ ᠣᠷᠣᠭᠤᠯᠪᠠ᠃ ᠬᠢᠴᠢᠶᠡᠯ ᠨᠢ | ᠭᠤᠣᠯᠳᠠᠭᠤ ᠨᠠᠮ ᠤᠨ ᠬᠤᠷᠢᠶᠠᠨ ᠤ ᠮᠡᠳᠡᠭᠡ ᠵᠠᠩᠭᠢ ᠶᠢᠨ ᠪᠠᠶᠢᠷᠢ ᠲᠣᠭᠲᠠᠭᠠᠯᠲᠠ᠂ ᠨᠠᠮ ᠤᠨ ᠬᠤᠷᠢᠶᠠᠨ ᠤ ᠮᠡᠳᠡᠭᠡ | ᠵᠠᠩᠭᠢ ᠶᠢᠨ ᠭᠤᠣᠯ ᠦᠢᠯᠡᠳᠦᠯ᠂ ᠪᠠᠴᠢᠮ ᠮᠡᠳᠡᠭᠡ ᠵᠠᠩᠭᠢ ᠶᠢᠨ ᠠᠵᠢᠯ ᠤᠨ ᠱᠠᠭᠠᠷᠳᠠᠯᠭ᠎ᠠ ᠵᠡᠷᠭᠡ ᠠᠭᠤᠯᠭ᠎ᠠ ᠶᠢᠨ | ᠲᠣᠭᠤᠷᠢᠨ ᠳᠤ ᠪᠦᠬᠦ ᠲᠠᠯ᠎ᠠ ᠪᠠᠷ ᠲᠣᠳᠣᠷᠬᠠᠶᠢᠯᠠᠨ ᠥᠭᠦᠯᠡᠪᠡ᠃ | ᠬᠤᠷᠠᠯ ᠠᠴᠠ᠂ ᠨᠠᠮ ᠤᠨ ᠬᠤᠷᠢᠶᠠᠨ ᠤ ᠮᠡᠳᠡᠭᠡ ᠵᠠᠩᠭᠢ ᠪᠣᠯ ᠡᠯ᠎ᠡ ᠱᠠᠲᠤᠨ ᠤ ᠨᠠᠮ ᠤᠨ ᠬᠤᠷᠢᠶᠠᠨ ᠤ | ᠠᠵᠢᠯ ᠤᠨ ᠪᠠᠶᠢᠳᠠᠯ ᠢ ᠣᠶᠢᠯᠠᠭᠠᠬᠤ᠂ ᠠᠷᠠᠳ ᠤᠨ ᠠᠮᠢᠳᠤᠷᠠᠯ ᠢ ᠠᠩᠬᠠᠷᠬᠤ᠂ ᠤᠯᠠᠨ ᠲᠦᠮᠡᠨ ᠲᠠᠢ ᠬᠠᠷᠢᠯᠴᠠᠬᠤ | ᠴᠢᠬᠤᠯᠠ ᠠᠷᠭ᠎ᠠ ᠵᠠᠮ ᠮᠥᠨ᠂ ᠳᠡᠭᠡᠳᠦ ᠱᠠᠲᠤᠨ ᠤ ᠪᠠᠶᠢᠳᠠᠯ ᠢ ᠪᠠᠭᠤᠯᠭᠠᠬᠤ᠂ ᠳᠣᠣᠷᠠᠬᠢ ᠪᠠᠶᠢᠳᠠᠯ ᠢ ᠳᠡᠭᠡᠭᠰᠢ | ᠮᠡᠳᠡᠭᠦᠯᠬᠦ᠂ ᠠᠵᠢᠯ ᠤᠨ ᠪᠠᠶᠢᠳᠠᠯ ᠢ ᠴᠠᠭ ᠲᠤᠬᠠᠢ ᠳᠤᠨᠢ ᠲᠤᠰᠬᠠᠬᠤ ᠪᠦᠲᠦᠮᠵᠢᠲᠡᠢ ᠠᠴᠢᠶᠠᠯᠠᠪᠤᠷᠢ ᠮᠥᠨ᠃ ᠡᠯ᠎ᠡ | ᠰᠢᠶᠠᠩ ᠪᠠᠯᠭᠠᠰᠤ ᠡᠯ᠎ᠡ ᠨᠢᠭᠡᠴᠡ ᠶᠢᠨ ᠬᠢᠨ ᠨᠠᠮ ᠤᠨ ᠬᠤᠷᠢᠶᠠᠨ ᠤ ᠮᠡᠳᠡᠭᠡ ᠵᠠᠩᠭᠢ ᠶᠢᠨ ᠠᠵᠢᠯ ᠤᠨ ᠴᠢᠬᠤᠯᠠ ᠠᠴᠢ | ᠬᠤᠯᠪᠣᠭᠳᠠᠯ ᠢ ᠭᠦᠨᠵᠡᠭᠡᠢ ᠲᠠᠨᠢᠵᠤ᠂ ᠮᠡᠳᠡᠭᠡ ᠵᠠᠩᠭᠢ ᠶᠢᠨ ᠠᠵᠢᠯ ᠢ ᠰᠠᠶᠢᠲᠤᠷ ᠬᠢᠬᠦ ᠶᠢᠨ ᠤᠯᠤᠰ ᠲᠦᠷᠦᠴᠢ | ᠴᠢᠨᠠᠷ ᠢ ᠦᠨᠡᠨᠬᠦ ᠴᠢᠩᠭᠠᠳᠬᠠᠵᠤ᠂ ᠨᠠᠮ ᠤᠨ ᠬᠤᠷᠢᠶᠠᠨ ᠤ ᠮᠡᠳᠡᠭᠡ ᠵᠠᠩᠭᠢ ᠶᠢᠨ ᠶᠠᠰᠤ ᠴᠢᠨᠠᠷ ᠢ ᠴᠢᠷᠮᠠᠶᠢᠨ | ᠳᠡᠭᠡᠭᠰᠢᠯᠡᠭᠦᠯᠵᠦ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠪᠠᠷᠠᠭᠠᠯᠬᠢᠯᠠᠯᠳᠤ ᠴᠢᠨᠠᠷ ᠢ ᠴᠢᠩᠭᠠᠳᠬᠠᠵᠤ᠂ ᠮᠡᠳᠡᠭᠡ | ᠵᠠᠩᠭᠢ ᠶᠢ ᠮᠡᠳᠡᠭᠦᠯᠦᠨ ᠬᠦᠷᠭᠡᠬᠦ ᠡᠭᠦᠷᠭᠡ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠡᠳᠡᠭᠡ | ᠵᠠᠩᠭᠢ ᠶᠢᠨ ᠠᠭᠤᠯᠭ᠎ᠠ ᠶᠢ ᠴᠢᠩᠭ᠎ᠠ ᠡᠵᠡᠮᠳᠡᠵᠦ᠂ ᠠᠭᠤᠯᠭ᠎ᠠ ᠨᠢ ᠨᠠᠷᠢᠨ ᠨᠢᠮᠪᠠᠢ᠂ ᠲᠤᠭ᠎ᠠ ᠪᠠᠷᠢᠮᠲᠠ ᠨᠢ | ᠣᠨᠣᠪᠴᠢᠲᠠᠢ ᠪᠥᠭᠡᠳ ᠨᠠᠷᠢᠨ ᠪᠣᠳᠠᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠪᠠᠴᠢᠮ ᠮᠡᠳᠡᠭᠡ ᠵᠠᠩᠭᠢ ᠶᠢᠨ | ᠬᠥᠪᠴᠢ ᠶᠢ ᠴᠠᠭ ᠢᠮᠠᠭᠲᠠ ᠴᠢᠩᠭᠠᠯᠠᠵᠤ᠂ ᠪᠠᠴᠢᠮ ᠮᠡᠳᠡᠭᠡ ᠵᠠᠩᠭᠢ ᠶᠢᠨ ᠬᠤᠷᠴᠠ ᠰᠡᠷᠭᠡᠭ ᠴᠢᠨᠠᠷ ᠢ ᠴᠢᠩᠭᠠᠳᠬᠠᠨ᠂ | ᠪᠠᠴᠢᠮ ᠮᠡᠳᠡᠭᠡ ᠵᠠᠩᠭᠢ ᠶᠢ ᠲᠦᠷᠭᠡᠨ ᠳᠠᠭᠠᠵᠤ᠂ ᠴᠠᠭ ᠲᠤᠬᠠᠢ ᠳᠤᠨᠢ ᠰᠢᠢᠳᠪᠦᠷᠢᠯᠡᠨ᠂ ᠤᠳᠠᠭᠠᠰᠢᠷᠠᠭᠤᠯᠤᠨ | ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠠᠳᠡᠭᠦᠦ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ ᠪᠠᠶᠢᠳᠠᠯ ᠭᠠᠷᠬᠤ ᠶᠢ | ᠡᠷᠡᠰ ᠬᠤᠷᠢᠭᠯᠠᠬᠤ ᠶᠢᠨ ᠬᠠᠮᠲᠤ ᠮᠡᠳᠡᠭᠡ ᠵᠠᠩᠭᠢ ᠶᠢᠨ ︽ᠭᠡᠳᠡᠷᠬᠦ ᠤᠷᠤᠰᠬᠤ︾᠂ ᠰᠦᠯᠵᠢᠶᠡᠨ ᠤ ᠶᠠᠷᠢᠶ᠎ᠠ | ᠬᠡᠯᠡᠯᠴᠡᠭᠡᠨ ᠤ ᠪᠠᠶᠢᠳᠠᠯ ᠵᠡᠷᠭᠡ ᠪᠠᠶᠢᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠲᠣᠰ ᠤᠳᠠᠭᠠᠨ ᠤ | ᠪᠣᠯᠪᠠᠰᠤᠷᠠᠭᠤᠯᠤᠯ ᠢᠶᠠᠷ ᠰᠢᠨ᠎ᠡ ᠡᠬᠢᠯᠡᠯᠲᠡ ᠪᠣᠯᠭᠠᠵᠤ᠂ ᠲᠣᠰ ᠪᠡᠶ᠎ᠡ ᠶᠢᠨ ᠬᠡᠪ ᠴᠢᠨᠠᠷ ᠪᠠ ᠲᠤᠬᠠᠶᠢᠯᠠᠭᠰᠠᠨ | ᠠᠵᠢᠯ ᠤᠨ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠪᠣᠯᠪᠠᠰᠤᠷᠠᠭᠤᠯᠤᠯ ᠤᠨ ᠦᠷ᠎ᠡ ᠪᠦᠲᠦᠭᠡᠯ ᠢᠶᠠᠨ | ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠱᠠᠩᠳᠤ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃ | ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ᠂ ᠡᠯ᠎ᠡ ᠰᠢᠶᠠᠩ ᠪᠠᠯᠭᠠᠰᠤᠨ ᠤ ᠠᠯᠪᠠᠨ ᠬᠡᠷ ᠤᠨ ᠠᠵᠢᠯᠲᠠᠳ | ᠪᠣᠯᠪᠠᠰᠤᠷᠠᠯ ᠳᠤ ᠣᠷᠣᠯᠴᠠᠪᠠ᠃ |