12 ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠪᠠᠷᠢᠯᠭ᠎ᠠ ᠶᠢᠨ ᠮᠠᠲ᠋ᠧᠷᠢᠶᠠᠯ ᠤᠨ ᠪᠠᠯ ᠴᠢᠯᠠᠭᠤᠨ ᠤ ᠰᠢᠨ᠎ᠡ | ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠥᠪᠥᠷ ᠮᠣᠩᠭᠤᠯ ᠤᠨ ᠾᠧᠩ ᠺᠧ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠪᠡᠭᠡᠵᠢᠩ ᠳᠤ ᠬᠤᠯᠪᠣᠭᠠᠯᠠᠨ ᠳᠠᠬᠢᠨ ᠪᠠᠶᠢᠭᠤᠯᠬᠤ ᠵᠥᠪᠯᠡᠯᠴᠡᠭᠡᠷ ᠲᠣᠭᠲᠠᠪᠠ᠃ | ᠳᠤᠮᠳᠠᠳᠤ ᠤᠯᠤᠰ ᠤᠨ ᠪᠠᠷᠢᠯᠭ᠎ᠠ ᠶᠢᠨ ᠮᠠᠲ᠋ᠧᠷᠢᠶᠠᠯ ᠬᠢᠭᠡᠳ ᠥᠪᠥᠷ ᠮᠣᠩᠭᠤᠯ ᠤᠨ ᠾᠧᠩ ᠺᠧ ᠠᠮᠵᠢᠯᠲᠠ ᠲᠠᠢ ᠪᠠᠷ | ᠤᠷᠤᠭᠴᠠᠭᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠤᠤᠰ ᠴᠢᠭᠯᠡᠯ ᠢᠶᠠᠷ ᠡᠨᠧᠷᠭᠢ ᠣᠯᠭᠤᠵᠤ᠂ ᠮᠠᠨ ᠤ | ᠰᠢᠶᠠᠨ ᠤ ᠯᠢᠲ᠋ᠢ ᠳ᠋ᠢᠶᠠᠨ ᡂᠢ ᠶᠢᠨ ᠠᠵᠢᠯ ᠲᠥᠷᠥᠯ ᠤᠨ ᠬᠡᠯᠬᠢᠶ᠎ᠡ ᠶᠢ ᠬᠦᠴᠦᠷᠬᠡᠭᠵᠢᠭᠦᠯᠦᠨ ᠬᠡᠯᠬᠢᠶ᠎ᠡ ᠶᠢ ᠤᠷᠲᠤᠳᠬᠠᠬᠤ᠂ | ᠠᠵᠤ ᠦᠢᠯᠡᠰ ᠤᠨ ᠬᠡᠪᠴᠢᠶ᠎ᠡ ᠪᠠ ᠠᠵᠤ ᠠᠬᠤᠶ ᠶᠢᠨ ᠦᠷ᠎ᠡ ᠠᠰᠢᠭ ᠢ ᠪᠦᠲᠦᠮᠵᠢᠲᠡᠶ ᠳᠡᠭᠡᠭᠰᠢᠯᠡᠭᠦᠯᠵᠦ᠂ ᠮᠠᠨ ᠤ ᠰᠢᠶᠠᠨ ᠤ | ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠠᠵᠤ ᠦᠢᠯᠡᠰ ᠤᠨ ᠳᠠᠪᠠᠭᠤᠯᠢᠭ ᠲᠦᠰᠢᠭ ᠳᠣᠣᠷ᠎ᠠ᠂ ᠠᠵᠤ | ᠦᠢᠯᠡᠰ ᠤᠨ ᠴᠤᠭᠯᠠᠷᠠᠯ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠮᠠᠨ ᠤ ᠰᠢᠶᠠᠨ ᠤ ᠰᠢᠨ᠎ᠡ ᠡᠨᠧᠷᠭᠢ ᠶᠢᠨ ᠠᠵᠤ | ᠦᠢᠯᠡᠰ ᠤᠨ ᠬᠡᠷᠡᠭᠯᠡᠭᠡᠨ ᠤ ᠰᠢᠨ᠎ᠡ ᠪᠠᠶᠢᠳᠠᠯ ᠢ ᠨᠡᠭᠡᠭᠡᠨ᠎ᠡ᠃ ᠲᠣᠰ ᠤᠳᠠᠭᠠᠨ ᠤ ᠭᠡᠷ᠎ᠡ ᠲᠣᠭᠲᠠᠬᠤ ᠨᠢ ᠮᠠᠨ ᠤ ᠰᠢᠶᠠᠨ ᠤ | ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠢ ᠨᠢᠭᠡ ᠴᠣᠭᠴᠠᠵᠢᠭᠤᠯᠤᠨ ᠭᠦᠨᠵᠡᠭᠡᠶ ᠡᠳ᠋ᠰᠢᠭᠦᠯᠬᠦ ᠠᠵᠤ | ᠦᠢᠯᠡᠰ ᠤᠨ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠭᠦᠨ ᠤ ᠬᠠᠮᠲᠤ᠂ ᠳᠤᠮᠳᠠᠳᠤ ᠤᠯᠤᠰ ᠤᠨ | ᠪᠠᠷᠢᠯᠭ᠎ᠠ ᠶᠢᠨ ᠮᠠᠲ᠋ᠧᠷᠢᠶᠠᠯ ᠬᠢᠭᠡᠳ ᠵᠠᠮ ᠬᠠᠷᠢᠯᠴᠠᠭᠠᠨ ᠤ ᠪᠠᠩᠬᠢ᠂ ᠪᠡᠭᠡᠵᠢᠩ ᠤᠨ ᠪᠠᠩᠬᠢ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠵᠥᠪᠯᠡᠯᠴᠡᠭᠡᠷ ᠲᠣᠭᠲᠠᠵᠤ᠂ ᠮᠠᠨ ᠤ ᠰᠢᠶᠠᠨ ᠤ ᠯᠢᠲ᠋ᠢ ᠳ᠋ᠢᠶᠠᠨ ᡂᠢ ᠶᠢᠨ ᠠᠵᠤ ᠦᠢᠯᠡᠰ ᠤᠨ | ᠬᠥᠭᠵᠢᠯᠲᠡ ᠳᠤ ᠮᠥᠩᠭᠦᠨ ᠭᠦᠢᠯᠭᠡᠭᠡᠨ ᠤ ᠪᠠᠲᠤᠯᠠᠭ᠎ᠠ ᠬᠠᠩᠭᠠᠪᠠ᠃ | ᠡᠨᠡ ᠵᠢᠯ ᠠᠴᠠ ᠨᠠᠰᠢ᠂ ᠮᠠᠨ ᠤ ᠰᠢᠶᠠᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠤᠯᠤᠰ ᠤᠨ | ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠡᠨᠡ | ᠬᠦ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃ | |