12 ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠡᠨᠧᠷᠭᠢ ᠶᠢᠨ ᠱᠠᠩᠳᠤ ᠶᠢᠨ 150 ᠲᠦᠮᠡᠨ ᠺᠢᠯᠣᠸᠠᠲ ᠤᠨ | ᠭᠡᠷᠡᠯ ᠸᠣᠯᠲ ᠤᠨ ᠦᠢᠯᠡᠰ ᠤᠨ ᠲᠥᠷᠥᠯ ᠵᠦᠢᠯ ᠲᠣᠤᠷ ᠲᠤ ᠠᠮᠵᠢᠯᠲᠠ ᠲᠠᠢ ᠪᠠᠷ ᠨᠡᠶᠢᠯᠡᠭᠦᠯᠦᠨ ᠴᠠᠬᠢᠯᠭᠠᠨ ᠭᠠᠷᠭᠠᠪᠠ᠃ | ᠥᠪᠥᠷ ᠮᠣᠩᠭᠤᠯ ᠤᠨ ᠡᠨᠧᠷᠭᠢ ᠶᠢᠨ ᠱᠠᠩᠳᠤ ᠶᠢᠨ 150 ᠲᠦᠮᠡᠨ ᠺᠢᠯᠣᠸᠠᠲ ᠤᠨ ᠬᠡᠷᠡᠯ ᠸᠣᠯᠲ ᠤᠨ ᠡᠪᠡᠰᠦᠨ ᠤ | ᠦᠶ᠋ᠯᠡᠰ ᠤᠨ ᠲᠥᠷᠥᠯ ᠵᠦᠶ᠋ᠯ ᠱᠠᠩᠳᠤ ᠰᠢᠶᠠᠨ ᠤ ᠬᠢᠯᠢ ᠳᠣᠲᠣᠷ᠎ᠠ ᠪᠠᠶᠢᠷᠢᠯᠠᠵᠤ᠂ ᠲᠥᠷᠥᠯ ᠵᠦᠶ᠋ᠯ ᠤᠨ ᠶᠡᠷᠦᠩᠬᠡᠶ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ 150 ᠲᠦᠮᠡᠨ ᠺᠢᠯᠣᠸᠠᠲ ᠤᠨ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 76.8 | ᠳ᠋ᠦᠩᠰᠢᠭᠤᠷ ᠲᠥᠭᠦᠷᠢᠭ ᠲᠤ ᠬᠦᠷᠴᠦ᠂ ᠲᠥᠷᠥᠯ ᠵᠦᠶ᠋ᠯ ᠤᠨ ᠪᠥᠬᠦ ᠪᠠᠭᠲᠠᠭᠠᠮᠵᠢ ᠨᠢ ᠲᠣᠤᠷ ᠲᠤ ᠨᠡᠶᠢᠯᠡᠭᠦᠯᠦᠭᠰᠡᠨ ᠤ | ᠳᠠᠷᠠᠭ᠎ᠠ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 29.56 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠵᠢᠯ ᠳᠤ | 91.62 ᠲᠦᠮᠡᠨ ᠲᠣᠨ ᠪᠠᠷᠢᠮᠵᠢᠶ᠎ᠠ ᠨᠡᠭᠦᠷᠡᠰᠦ ᠠᠷᠪᠢᠯᠠᠪᠠ᠃ | ᠱᠠᠩᠳᠤ ᠶᠢᠨ ᠮᠧᠩ ᠨᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠸᠠᠩ ᠴᠠᠩ | ᠺᠦᠨ ᠬᠡᠯᠡᠭᠰᠡᠨ ᠨᠢ᠄ ︽3 ᠰᠠᠷ᠎ᠠ ᠶᠢᠨ 28 ᠤ ᠡᠳᠦᠷ ᠠᠵᠢᠯ ᠡᠬᠢᠯᠡᠭᠰᠡᠨ ᠤ ᠳᠠᠷᠠᠭ᠎ᠠ᠂ ᠥᠨᠥᠳᠦᠷ ᠵᠢᠩᠬᠢᠨᠢ ᠪᠠᠷ | ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠴᠠᠬᠢᠯᠭᠠᠨ ᠭᠠᠷᠭᠠᠭᠰᠠᠨ ᠤ ᠳᠠᠷᠠᠭ᠎ᠠ ᠠᠵᠤ ᠠᠬᠤᠢ ᠶᠢᠨ ᠯᠤᠲᠤ ᠶᠡᠭᠡ | ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠯᠬᠤ ᠪᠣᠯᠤᠨ᠎ᠠ᠂ ᠲᠤᠰ ᠲᠦᠷᠦᠯ ᠵᠦᠢᠯ ᠢ ᠬᠡᠪ ᠤᠨ ᠶᠣᠰᠣᠭᠠᠷ | ᠠᠰᠢᠭᠯᠠᠯᠲᠠ ᠳᠤ ᠣᠷᠣᠭᠤᠯᠬᠤ ᠨᠢ ᠱᠠᠩᠳᠤ ᠶᠢᠨ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠲᠤ | ᠯᠤᠲᠤ ᠶᠡᠭᠡ ᠨᠥᠯᠥᠭᠡ ᠦᠵᠡᠭᠦᠯᠵᠦ᠂ ᠢᠯᠠᠩᠭᠤᠶ᠎ᠠ ᠠᠮᠢ ᠠᠬᠤᠢ ᠶᠢᠨ ᠰᠠᠶᠢᠵᠢᠷᠠᠯᠲᠠ᠂ ᠴᠠᠭᠠᠨᠨᠠᠭᠤᠷ ᠢ ᠵᠠᠰᠠᠬᠤ ᠲᠠᠯ᠎ᠠ ᠪᠠᠷ | ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ︾ ᠭᠡᠪᠡ᠃ | ᠣᠶᠢᠯᠠᠭᠠᠭᠰᠠᠨ ᠢᠶᠠᠷ᠂ ᠲᠣᠰ ᠲᠥᠷᠥᠯ ᠵᠦᠶ᠋ᠯ ᠪᠣᠯ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ 2024 | ᠣᠨ ᠤ ᠰᠢᠨ᠎ᠡ ᠡᠨᠧᠷᠭᠢ ᠶᠢᠨ ᠭᠤᠤᠯᠳᠠᠯᠭ᠎ᠠ ᠲᠠᠢ ᠲᠥᠷᠥᠯ ᠵᠦᠶ᠋ᠯ ᠤᠨ ᠨᠢᠭᠡ ᠪᠣᠯᠤᠨ᠎ᠠ᠂ ᠲᠥᠷᠥᠯ ᠵᠦᠶ᠋ᠯ ᠢ ᠤᠷᠤᠭᠰᠢᠲᠠᠶ | ᠠᠰᠢᠭᠯᠠᠯᠲᠠ ᠳᠤ ᠣᠷᠣᠭᠤᠯᠬᠤ ᠨᠢ ᠱᠠᠩᠳᠤ ᠰᠢᠶᠠᠨ ᠤ ᠣᠷᠣᠨ ᠪᠦᠰᠡ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ | ᠭᠦᠶ᠋ᠴᠡᠳ ᠪᠠᠳᠠᠷᠠᠭᠤᠯᠵᠤ᠂ ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ︽ᠠᠷᠢᠭᠤᠨ ᠴᠡᠪᠡᠷ | ᠨᠡᠭᠦᠷᠡᠰᠦᠲᠥ᠋ᠷᠥᠭᠴᠢ ᠪᠠᠭ᠎ᠠ᠂ ᠠᠮᠤᠷ ᠲᠦᠪᠰᠢᠨ ᠥᠨᠳᠥᠷ ᠪᠦᠲᠦᠮᠵᠢᠲᠡᠶ︾ ᠡᠨᠧᠷᠭᠢ ᠶᠢᠨ ᠰᠢᠰᠲ᠋ᠧᠮ ᠢ ᠪᠠᠶᠢᠭᠤᠯᠬᠤ᠂ | ᠱᠠᠩᠳᠤ ᠰᠢᠶᠠᠨ ᠤ ᠰᠢᠨ᠎ᠡ ᠡᠨᠧᠷᠭᠢ ᠶᠢᠨ ᠠᠵᠤ ᠦᠶ᠋ᠯᠡᠰ ᠤᠨ ᠴᠢᠨᠠᠷ ᠰᠠᠶᠢᠲᠠᠶ ᠬᠥᠭᠵᠢᠯᠲᠡ᠂ ᠠᠮᠢ ᠠᠬᠤᠶ ᠣᠷᠴᠢᠨ | ᠲᠣᠭᠤᠷᠢᠨ ᠤ ᠥᠨᠳᠥᠷ ᠲᠦᠪᠰᠢᠨ ᠪᠥᠬᠦᠶ ᠬᠠᠮᠠᠭᠠᠯᠠᠯᠲᠠ ᠶᠢ ᠲᠦᠷᠭᠡᠳᠬᠡᠨ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠪᠥᠭᠡᠳ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠠᠵᠤ ᠦᠶ᠋ᠯᠡᠰ ᠤᠨ ᠬᠥᠭᠵᠢᠯᠲᠡ ᠳᠤ ᠰᠢᠨ᠎ᠡ | ᠠᠮᠢᠵᠢᠷᠠᠯ ᠤᠨ ᠬᠦᠴᠦᠨ ᠨᠡᠮᠡᠷᠢᠯᠡᠪᠡ᠃ | | | | |