ᠱᠠᠩᠳᠤ ᠰᠢᠶᠠᠨ ᠰᠣᠩᠭᠤᠨ ᠰᠢᠯᠵᠢᠭᠦᠯᠬᠦ ᠰᠤᠷᠤᠭᠴᠢᠳ ᠢ ᠵᠣᠬᠢᠶᠠᠨ ᠪᠠᠶᠢᠭᠤᠯᠵᠤ ᠣᠯᠠᠨ ᠲᠦᠮᠡᠨ ᠳᠤ ᠦᠶ᠋ᠯᠡᠴᠢᠯᠡᠬᠦ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/30
    ᠰᠣᠩᠭᠤᠨ ᠰᠢᠯᠵᠢᠭᠦᠯᠬᠦ ᠰᠤᠷᠤᠬᠴᠢ ᠶᠢ ᠲᠣᠰᠬᠤᠨ ᠳᠤ ᠣᠴᠢᠭᠤᠯᠵᠤ ᠲᠤᠰᠢᠶᠠᠯ ᠡᠭᠦᠷᠭᠡᠯᠡᠭᠦᠯᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠰᠣᠩᠭᠤᠨ ᠰᠢᠯᠵᠢᠭᠦᠯᠬᠦ ᠰᠤᠷᠤᠬᠴᠢ ᠶᠢᠨ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ ᠰᠠᠶᠢᠲᠤᠷ ᠬᠦᠴᠦᠨ ᠨᠡᠮᠡᠷᠢᠯᠡᠬᠦ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ᠂ ᠱᠠᠩᠳᠤ ᠰᠢᠶᠠᠨ ᠤ ᠰᠣᠩᠭᠤᠨ ᠰᠢᠯᠵᠢᠭᠦᠯᠬᠦ ᠰᠤᠷᠤᠬᠴᠢ ᠶᠢ ᠵᠣᠬᠢᠶᠠᠨ ᠪᠠᠶᠢᠭᠤᠯᠵᠤ ᠲᠣᠰᠬᠤᠨ ᠤ ᠺᠠᠳ᠋ᠷ ᠪᠣᠯᠤᠨ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ ᠢ ᠲᠣᠬᠤᠨᠢᠭᠤᠯᠬᠤ ᠳᠤᠭᠤᠶᠢᠯᠠᠩ ᠪᠠᠶᠢᠭᠤᠯᠵᠤ᠂ ᠤᠯᠠᠨ ᠲᠦᠮᠡᠨ ᠳᠤ ᠦᠢᠯᠡᠴᠢᠯᠡᠬᠦ ᠤᠯᠠᠨ ᠲᠦᠮᠡᠨ ᠤ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠦᠴᠢᠷᠳᠡᠯᠲᠡᠢ ᠤᠯᠠᠨ ᠲᠦᠮᠡᠨ᠂ ᠠᠬᠠᠮᠠᠳ ᠨᠠᠮ ᠤᠨ ᠭᠡᠰᠢᠭᠦᠨ ᠳᠤ ᠬᠠᠶᠢᠷ᠎ᠠ ᠬᠠᠯᠠᠮᠵᠢ ᠬᠦᠷᠭᠡᠪᠡ᠃    ᠲᠣᠬᠤᠨᠢᠭᠤᠯᠬᠤ ᠳᠤᠭᠤᠶᠢᠯᠠᠩ ᠬᠦᠴᠢᠷᠳᠡᠯᠲᠡᠶ ᠣᠯᠠᠨ ᠲᠦᠮᠡᠨ ᠤ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠠᠮᠤ ᠪᠤᠳᠠᠭ᠎ᠠ᠂ ᠭᠤᠯᠢᠷ ᠵᠡᠷᠭᠡ ᠲᠣᠬᠤᠨᠢᠭᠤᠯᠬᠤ ᠪᠣᠳᠠᠰ ᠢ ᠣᠨᠴᠠᠭᠠᠶᠢᠯᠠᠨ ᠪᠡᠯᠡᠳᠬᠡᠵᠦ᠂ ᠲᠣᠰᠬᠤᠨ ᠤ ᠠᠷᠠᠳ ᠤᠨ ᠵᠥᠪᠯᠡᠯ ᠤᠨ ᠲᠥᠪᠯᠡᠷᠡᠭᠦᠯᠦᠨ ᠲᠠᠷᠬᠠᠭᠠᠬᠤ ᠪᠠ ᠡᠷᠦᠬᠡ ᠳᠤ ᠬᠦᠷᠴᠦ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠬᠠᠮᠠᠳ ᠨᠠᠮ ᠤᠨ ᠭᠡᠰᠢᠭᠦᠨ ᠪᠠ ᠬᠦᠴᠢᠷᠳᠡᠯᠲᠡᠶ ᠣᠯᠠᠨ ᠲᠦᠮᠡᠨ ᠳᠤ ᠲᠣᠬᠤᠨᠢᠭᠤᠯᠬᠤ ᠪᠣᠳᠠᠰ ᠬᠦᠷᠭᠡᠪᠡ᠃ ᠡᠷᠦᠬᠡ ᠪᠦᠷᠢ ᠳᠤ ᠬᠦᠷᠬᠦ ᠪᠦᠷᠢ᠂ ᠲᠣᠬᠤᠨᠢᠭᠤᠯᠬᠤ ᠳᠤᠭᠤᠶᠢᠯᠠᠩ ᠴᠥᠮ ᠲᠣᠬᠤᠨᠢᠭᠤᠯᠬᠤ ᠡᠲᠡᠭᠡᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠶᠢᠨ ᠪᠠᠶᠢᠳᠠᠯ᠂ ᠠᠮᠢᠳᠤᠷᠠᠯ ᠤᠨ ᠪᠠᠶᠢᠳᠠᠯ ᠪᠣᠯᠤᠨ ᠠᠮᠢᠳᠤᠷᠠᠯ ᠤᠨ ᠳᠤᠮᠳᠠᠬᠢ ᠪᠣᠳᠠᠲᠠᠶ ᠬᠦᠴᠢᠷᠳᠡᠯ ᠢ ᠨᠠᠷᠢᠨ ᠠᠰᠠᠭᠤᠨ ᠯᠠᠪᠯᠠᠵᠠᠶ᠃    ︽ᠠᠪᠤ ᠡ᠂ ᠣᠷᠴᠢᠮ ᠠᠭᠤᠷ ᠠᠮᠢᠰᠭᠤᠯ ᠬᠦᠢᠲᠡᠷᠡᠪᠡᠯ ᠲᠠ ᠳᠤᠯᠠᠭᠠᠨ ᠢᠶᠠᠨ ᠬᠠᠳᠠᠭᠠᠯᠠᠬᠤ ᠶᠢ ᠠᠩᠬᠠᠷᠤᠨ᠎ᠠ︾ ᠭᠡᠪᠡ᠃ ︽ᠡᠵᠢ ᠡ᠂ ᠣᠷᠴᠢᠮ ᠪᠡᠶ᠎ᠡ ᠴᠢᠨᠢ ᠰᠠᠢᠨ ᠤᠤ︖︾ ᠮᠡᠨᠳᠦᠴᠢᠯᠡᠨ᠄ ᠡᠪᠦᠯ ᠤᠨ ᠡᠳᠦᠷ ᠤᠨ ᠳᠤᠯᠠᠭᠠᠨ ᠤᠷᠤᠰᠬᠠᠯ ᠰᠢᠭ ᠨᠠᠰᠤᠲᠠᠶᠢᠴᠤᠳ ᠢ ᠳᠤᠯᠠᠭᠠᠴᠠᠭᠤᠯᠤᠨ᠎ᠠ᠃ ᠮᠣᠣ ᠳ᠋ᠦ᠋ ᠰᠢᠶᠠᠩ ᠤᠨ ᠵᠢᠩ ᠭᠧᠦ ᠲᠣᠰᠬᠤᠨ ᠤ ᠴᠧᠨ ᠮᠢᠩ ᠰᠢᠶᠠᠩ ᠪᠣᠯ ᠶᠠᠳᠠᠭᠤ ᠠᠴᠠ ᠠᠩᠭᠢᠵᠢᠷᠠᠭᠰᠠᠨ ᠡᠷᠦᠬᠡ ᠪᠣᠯᠣᠨ᠎ᠠ᠂ ᠨᠠᠰᠤ ᠠᠬᠢᠭᠰᠠᠨ ᠪᠣᠯᠪᠠᠴᠤ ᠬᠥᠯ ᠬᠥᠯ ᠨᠢ ᠳᠥᠭᠦᠮ ᠦᠭᠡᠢ ᠪᠣᠯᠬᠤᠷ ᠲᠣᠬᠤᠨᠢᠭᠤᠯᠬᠤ ᠳᠤᠭᠤᠶᠢᠯᠠᠩ ᠤᠨ ᠬᠢᠨ ᠲᠣᠬᠤᠨᠢᠭᠤᠯᠬᠤ ᠪᠣᠳᠠᠰ ᠢ ᠲᠡᠭᠦᠨ ᠤ ᠭᠡᠷ ᠲᠤ ᠬᠦᠷᠭᠡᠵᠦ ᠥᠭᠭᠦᠭᠰᠡᠨ ᠳᠤ ᠨᠠᠰᠤᠲᠠᠨ ᠪᠠᠶᠠᠷᠲᠠᠢ ᠪᠠᠷ᠄ ︽ᠲᠠ ᠨᠠᠷ ᠪᠢᠳᠡᠨ ᠢ ᠦᠷᠭᠦᠯᠵᠢ ᠰᠠᠨᠠᠭᠠᠯᠵᠠᠵᠤ᠂ ᠶᠡᠭᠡ ᠬᠦᠢᠳᠡᠨ ᠡᠳᠦᠷ ᠭᠡᠷ ᠲᠤᠨᠢ ᠢᠷᠡᠭᠡᠳ ᠨᠠᠳᠠ ᠶᠢ ᠬᠠᠷᠠᠵᠤ᠂ ᠨᠠᠳᠠ ᠳᠤ ᠡᠶᠢᠮᠦ ᠤᠯᠠᠨ ᠶᠠᠭᠤᠮ᠎ᠠ ᠠᠪᠴᠢᠷᠠᠵᠤ ᠥᠭᠴᠡᠢ᠂ ᠲᠠ ᠨᠠᠷ ᠦᠨᠡᠬᠡᠷ ᠨᠢᠭᠡ ᠰᠡᠳᠬᠢᠯ ᠢᠶᠠᠷ ᠠᠷᠠᠳ ᠤᠨ ᠲᠥᠯᠥᠭᠡ ᠰᠠᠶᠢᠨ ᠺᠠᠳ᠋ᠷ ᠬᠦᠷᠭᠡᠵᠦ ᠪᠠᠶᠢᠨ᠎ᠠ︾ ᠭᠡᠵᠦ ᠬᠡᠯᠡᠪᠡ᠃    ᠲᠣᠬᠤᠨᠢᠭᠤᠯᠬᠤ ᠶᠠᠪᠤᠴᠠ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠪᠠᠰᠠ ᠤᠯᠠᠨ ᠲᠦᠮᠡᠨ ᠤ ᠠᠩᠬᠠᠷᠴᠤ ᠪᠠᠶᠢᠭ᠎ᠠ ᠡᠮ ᠡᠮᠨᠡᠯᠭᠡ ᠰᠤᠷᠭᠠᠨ ᠬᠥᠮᠦᠵᠢᠯ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ᠂ ᠵᠣᠭᠤᠭᠳᠠᠬᠤ ᠬᠡᠯᠪᠡᠷᠢ ᠪᠠᠷ ᠲᠣᠰᠬᠤᠨ ᠤ ᠠᠷᠠᠳ ᠲᠤ ᠨᠠᠮ ᠤᠨ ᠰᠠᠶᠢᠨ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠨᠡᠶᠢᠭᠡᠮ ᠤᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ᠂ ᠲᠠᠷᠢᠶᠠᠯᠠᠩ ᠮᠠᠯ ᠠᠵᠤ ᠠᠬᠤᠢ ᠶᠢᠨ ᠨᠥᠬᠦᠪᠥᠷᠢ ᠵᠡᠷᠭᠡ ︽ᠠᠷᠠᠳ ᠲᠤ ᠠᠰᠢᠭ ᠬᠦᠷᠲᠡᠭᠡᠬᠦ ᠲᠠᠩᠰᠠ︾ ᠶᠢ ᠲᠣᠳᠣᠷᠬᠠᠢ ᠪᠤᠳᠤᠪᠠ᠃ ᠮᠣᠣ ᠳ᠋ᠦ᠋ ᠰᠢᠶᠠᠩ ᠤᠨ ᠰᠢᠶᠠᠩ ᠶᠠᠩ ᠲᠣᠰᠬᠤᠨ ᠤ ᠠᠷᠠᠳ ᠡᡁᠧ ᠯᠢᠨ᠄ ︽ᠮᠠᠨ ᠤ ᠰᠠᠶᠢᠨ ᠠᠮᠢᠳᠤᠷᠠᠯ ᠨᠠᠮ ᠤᠨ ᠰᠠᠶᠢᠨ ᠲᠦᠷᠦ ᠶᠢᠨ ᠪᠤᠳᠤᠯᠭ᠎ᠠ ᠠᠴᠠ ᠰᠠᠯᠵᠤ ᠴᠢᠳᠠᠬᠤ ᠦᠭᠡᠢ᠂ ᠪᠢᠳᠡ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠬᠡᠷᠡᠭᠲᠡᠢ ︾᠃    ᠲᠣᠬᠤᠨᠢᠭᠤᠯᠬᠤ ᠠᠵᠢᠯᠯᠠᠭ᠎ᠠ ᠨᠢ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠰᠣᠩᠭᠤᠨ ᠰᠢᠯᠵᠢᠭᠦᠯᠦᠭᠰᠡᠨ ᠰᠤᠷᠤᠭᠴᠢᠳ ᠲᠤ ᠥᠪᠡᠷ ᠤᠨ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠪᠠᠨ ᠨᠡᠩ ᠭᠦᠨᠵᠡᠭᠡᠢ ᠲᠠᠨᠢᠭᠤᠯᠵᠤ᠂ ᠲᠣᠰᠬᠤᠨ ᠤ ᠪᠠᠶᠢᠳᠠᠯ ᠠᠷᠠᠳ ᠤᠨ ᠰᠠᠨᠠᠭ᠎ᠠ ᠶᠢ ᠪᠣᠳᠠᠲᠠᠢ ᠤᠢᠢᠯᠠᠭᠠᠭᠤᠯᠤᠭᠰᠠᠨ ᠪᠥᠭᠡᠳ ᠤᠯᠠᠨ ᠲᠦᠮᠡᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠬᠢᠬᠦ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠳᠠᠲᠤ ᠶᠠᠪᠤᠳᠠᠯ ᠢ ᠤᠯᠠᠨ ᠲᠦᠮᠡᠨ ᠤ ᠰᠡᠳᠬᠢᠯ ᠳᠤ ᠬᠦᠷᠭᠡᠵᠦ᠂ ᠲᠣᠰᠬᠤᠨ ᠤ ᠠᠷᠠᠳ ᠤᠨ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ︽ᠬᠦᠯ ᠳᠤ ᠬᠡᠳᠦᠢ ᠰᠢᠪᠠᠷ ᠰᠢᠷᠣᠢ ᠨᠠᠭᠠᠯᠳᠤᠭᠰᠠᠨ ᠪᠤᠢ᠂ ᠰᠡᠳᠬᠢᠯ ᠳᠡᠭᠡᠨ ᠬᠡᠳᠦᠢ ᠭᠦᠨ ᠵᠤᠵᠠᠭᠠᠨ ᠪᠤᠯ︖ ᠲᠣᠰᠬᠤᠨ ᠳᠤ ᠰᠠᠭᠤᠭ᠎ᠠ ᠰᠣᠩᠭᠤᠨ ᠰᠢᠯᠵᠢᠭᠦᠯᠬᠦ ᠰᠤᠷᠤᠭᠴᠢ ᠪᠣᠯᠤᠭᠰᠠᠨ ᠤ ᠬᠤᠪᠢ ᠳᠤ᠂ ᠪᠢ ᠦᠨᠳᠦᠰᠦᠨ ᠱᠠᠲᠤᠨ ᠤ ᠦᠩ ᠰᠢᠮᠡᠯᠢᠭ ᠬᠥᠷᠥᠰᠥᠨ ᠳᠤ ᠦᠨᠳᠦᠰᠦ ᠪᠠᠨ ᠰᠠᠶᠢᠲᠤᠷ ᠬᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ︾ ᠭᠡᠵᠦ ᠬᠡᠯᠡᠪᠡ᠃ ᠮᠣᠣ ᠳ᠋ᠦ᠋ ᠰᠢᠶᠠᠩ ᠤᠨ ᠲᠤᠸᠠᠨ ᠵᠢᠶᠧ ᠲᠣᠰᠬᠤᠨ ᠤ ᠲᠣᠰᠬᠤᠨ ᠳᠤ ᠰᠠᠭᠤᠭ᠎ᠠ ᠰᠣᠩᠭᠤᠨ ᠰᠢᠯᠵᠢᠭᠦᠯᠬᠦ ᠱᠧᠩ ᠮᠧᠢ ᠢᠨᠢᠶᠡᠮᠰᠦᠭᠯᠡᠪᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2