12 ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠬᠡᠤᠬᠡᠳ ᠪᠠᠭᠠᠴᠤᠳ ᠤᠨ ᠰᠠᠭᠤᠷᠢ ᠮᠥᠩᠭᠦᠨ ᠤ | ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠯᠢ ᠵᠥᠩ ᠮᠢᠩ ᠨᠠᠷ ᠱᠠᠩᠳᠤ ᠰᠢᠶᠠᠨ ᠤ ᠲᠦᠩ ᠶᠦᠩ ᠪᠠᠭ᠎ᠠ | ᠰᠤᠷᠭᠠᠭᠤᠯᠢ ᠳᠤ ᠬᠦᠷᠴᠦ ᠬᠥᠮᠦᠨ ᠤ ᠰᠡᠳᠬᠢᠯ ᠢ ᠳᠤᠯᠠᠭᠠᠴᠠᠭᠤᠯᠤᠭᠰᠠᠨ ︽ᠬᠠᠪᠤᠷ ᠤᠨ ᠴᠣᠮᠣᠷᠯᠢᠭ ᠢᠶᠠᠷ ᠡᠷᠡᠭᠦᠯ ᠴᠢᠭᠢᠷᠠᠭ | ᠦᠰᠦᠨ ᠪᠤᠶᠢᠵᠢᠯᠲᠠ︾ ᠬᠠᠨᠳᠢᠪᠯᠠᠨ ᠬᠦᠷᠭᠡᠬᠦ ᠠᠵᠢᠯᠯᠠᠭ᠎ᠠ ᠶᠢ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠶᠠ ᠳ᠋ᠦᠩ᠂ ᠵᠠᠰᠠᠭ ᠤᠨ ᠣᠷᠳᠣᠨ ᠤ ᠳᠡᠳ᠋ | ᠰᠢᠶᠠᠨ ᠤ ᠳᠠᠷᠤᠭ᠎ᠠ ᠸᠧᠢ ᠸᠧᠢ ᠠᠵᠢᠯᠯᠠᠭ᠎ᠠ ᠳᠤ ᠣᠷᠣᠯᠴᠠᠪᠠ᠃ | ᠠᠵᠢᠯᠯᠠᠭ᠎ᠠ ᠶᠢᠨ ᠳᠤᠮᠳᠠ᠂ ᠳᠤᠮᠳᠠᠳᠤ ᠤᠯᠤᠰ ᠤᠨ ᠬᠡᠤᠬᠡᠳ ᠪᠠᠭᠠᠴᠤᠳ ᠤᠨ ᠰᠠᠭᠤᠷᠢ ᠮᠥᠩᠭᠦᠨ ᠤ ᠨᠡᠶᠢᠭᠡᠮᠯᠢᠭ ᠠᠴᠠ | ᠱᠠᠩᠳᠤ ᠰᠢᠶᠠᠨ ᠤ ᠲᠤᠰᠠᠯᠠᠮᠵᠢ ᠭᠥᠷᠳᠡᠭᠰᠡᠨ ᠥᠬᠢᠨ ᠳᠤ ᠨᠡᠶᠢᠲᠡ 700 ᠬᠤᠪᠢ ︽ᠬᠠᠪᠤᠷ ᠤᠨ ᠴᠣᠮᠣᠷᠯᠢᠭ ᠡᠷᠡᠭᠦᠯ | ᠮᠡᠨᠳᠦ ᠶᠢᠨ ᠥᠰᠦᠯᠲᠡ ᠶᠢᠨ ᠪᠠᠭᠯᠠᠭ᠎ᠠ︾ ᠬᠠᠨᠳᠢᠪᠯᠠᠵᠤ᠂ ᠶᠡᠷᠦᠩᠬᠡᠶ ᠥᠷᠲᠡᠭ ᠨᠢ 123200 ᠲᠥᠭᠦᠷᠢᠭ ᠪᠣᠯᠤᠨ᠎ᠠ᠃ | ᠡᠳᠡᠭᠡᠷ ᠡᠷᠡᠭᠦᠯ ᠢᠶᠠᠷ ᠦᠰᠦᠨ ᠪᠤᠶᠢᠵᠢᠬᠤ ᠨᠢ ᠬᠥᠳᠡᠭᠡ ᠲᠣᠰᠬᠤᠨ ᠤ ᠭᠠᠵᠠᠷ ᠣᠷᠣᠨ ᠤ ᠬᠡᠦᠬᠡᠳ ᠲᠤ ᠴᠢᠬᠤᠯᠠ ᠪᠦᠬᠦᠢ | ᠠᠮᠢᠳᠤᠷᠠᠯ ᠪᠠ ᠰᠤᠷᠤᠯᠭ᠎ᠠ ᠶᠢᠨ ᠬᠡᠷᠡᠭᠰᠡᠯ ᠬᠠᠩᠭᠠᠵᠤ᠂ ᠲᠡᠳᠡᠨ ᠤ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠨ | ᠨᠡᠮᠡᠷᠢᠯᠡᠬᠦ ᠪᠣᠯᠤᠨ᠎ᠠ᠃ | ᠯᠢ ᠵᠥᠩ ᠮᠢᠩ ᠢᠯᠡᠷᠬᠡᠶᠢᠯᠡᠬᠦ ᠳᠡᠭᠡᠨ᠂ ︽ᠬᠠᠪᠤᠷ ᠤᠨ ᠴᠣᠮᠣᠷᠯᠢᠭ ᠤᠨ ᠡᠷᠡᠭᠦᠯ ᠮᠡᠨᠳᠦ ᠶᠢᠨ ᠠᠵᠢᠯᠯᠠᠭ᠎ᠠ︾ ᠶᠢᠨ | ᠵᠣᠷᠢᠯᠭ᠎ᠠ ᠨᠢ ᠥᠬᠢᠨ ᠨᠢᠭᠡᠪᠦᠷᠢ ᠶᠢ ᠴᠥᠮ ᠨᠡᠷᠡᠨ ᠤ ᠭᠡᠷᠡᠯ ᠤᠨ ᠳᠣᠣᠷ᠎ᠠ ᠡᠷᠡᠭᠦᠯ ᠢᠶᠠᠷ ᠪᠤᠶᠢᠵᠢᠭᠤᠯᠵᠤ᠂ ᠡᠷᠬᠡ ᠲᠡᠭᠰᠢ | ᠰᠤᠷᠭᠠᠨ ᠬᠥᠮᠦᠵᠢᠯ ᠤᠨ ᠲᠣᠬᠢᠶᠠᠯ ᠪᠠ ᠰᠠᠶᠢᠨ ᠰᠠᠶᠢᠬᠠᠨ ᠢᠷᠡᠭᠡᠳᠦᠶ ᠲᠠᠢ ᠪᠣᠯᠭᠠᠬᠤ ᠶᠢᠨ ᠲᠥᠯᠥᠭᠡ ᠶᠤᠮ ᠭᠡᠵᠡᠶ᠃ ᠮᠠᠨ ᠤ | ᠴᠢᠷᠮᠠᠶᠢᠯᠭ᠎ᠠ ᠪᠠᠷ ᠳᠠᠮᠵᠢᠨ ᠬᠥᠳᠡᠭᠡ ᠲᠣᠰᠬᠤᠨ ᠤ ᠥᠬᠢᠳ ᠬᠡᠤᠬᠡᠳ ᠲᠤ ᠬᠠᠶᠢᠷ᠎ᠠ ᠬᠠᠯᠠᠮᠵᠢ ᠪᠠ ᠬᠠᠪᠰᠤᠷᠤᠯᠭ᠎ᠠ ᠬᠦᠷᠭᠡᠵᠦ | ᠥᠭᠬᠦ ᠶᠢ ᠬᠦᠰᠡᠵᠦ ᠪᠠᠶᠢᠨ᠎ᠠ᠃ | ᠯᠢ ᠶᠠ ᠳ᠋ᠦᠩ ᠪᠡᠯᠡᠭᠯᠡᠨ ᠬᠦᠷᠭᠡᠭᠰᠡᠨ ᠲᠠᠯ᠎ᠠ ᠶᠢᠨ ᠰᠠᠶᠢᠨ ᠦᠢᠯᠡ ᠠᠵᠢᠯᠯᠠᠭ᠎ᠠ ᠳᠤ ᠴᠢᠩ ᠰᠡᠳᠬᠢᠯ ᠤᠨ | ᠲᠠᠯᠠᠷᠬᠠᠯ ᠢᠶᠠᠨ ᠢᠯᠡᠳᠬᠡᠬᠦ ᠶᠢᠨ ᠬᠠᠮᠲᠤ ᠳᠤᠮᠳᠠᠳᠤ ᠤᠯᠤᠰ ᠤᠨ ᠬᠡᠦᠬᠡᠳ ᠪᠠᠭᠠᠴᠤᠳ ᠤᠨ ᠰᠠᠭᠤᠷᠢ ᠮᠥᠩᠭᠦᠨ ᠤ | ᠨᠡᠶᠢᠭᠡᠮᠯᠢᠭ ᠯᠦᠭᠡ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠥᠬᠢᠳ ᠤᠨ ᠦᠰᠦᠨ ᠪᠤᠶᠢᠵᠢᠬᠤ | ᠪᠠ ᠬᠥᠭᠵᠢᠬᠦ ᠳᠤ ᠨᠡᠩ ᠰᠠᠶᠢᠨ ᠰᠠᠶᠢᠬᠠᠨ ᠣᠷᠴᠢᠨ ᠲᠣᠭᠤᠷᠢᠨ ᠪᠠ ᠨᠥᠬᠦᠴᠡᠯ ᠢ ᠪᠦᠷᠢᠯᠳᠦᠭᠦᠯᠵᠦ ᠥᠭᠭᠦᠨ᠎ᠡ ᠭᠡᠵᠦ | ᠢᠯᠡᠳᠬᠡᠪᠡ᠃ | ᠪᠡᠯᠡᠭᠯᠡᠨ ᠬᠦᠷᠭᠡᠬᠦ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠯᠢ ᠵᠦᠩ ᠮᠢᠩ ᠲᠤᠰᠠᠯᠠᠮᠵᠢ ᠬᠦᠷᠲᠡᠬᠦ ᠬᠡᠦᠬᠡᠳ ᠤᠨ | ᠭᠡᠷ ᠲᠤ ᠬᠦᠷᠴᠦ᠂ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠰᠤᠷᠤᠯᠭ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ | ᠲᠡᠳᠡᠨ ᠳᠤ ᠬᠠᠶᠢᠷ᠎ᠠ ᠬᠠᠯᠠᠮᠵᠢ ᠪᠠ ᠵᠣᠷᠢᠭᠵᠢᠭᠤᠯᠤᠯ ᠬᠦᠷᠭᠡᠪᠡ᠃ | ᠣᠶᠢᠯᠠᠭᠠᠭᠰᠠᠨ ᠢᠶᠠᠷ᠂ ︽ᠬᠠᠪᠤᠷ ᠤᠨ ᠴᠣᠮᠣᠷᠯᠢᠭ ᠡᠷᠡᠭᠦᠯ ᠮᠡᠨᠳᠦ ᠶᠢᠨ ᠠᠵᠢᠯᠯᠠᠭ᠎ᠠ︾ ᠪᠣᠯ ᠳᠤᠮᠳᠠᠳᠤ ᠤᠯᠤᠰ ᠤᠨ | ᠬᠡᠦᠬᠡᠳ ᠪᠠᠭᠠᠴᠤᠳ ᠤᠨ ᠰᠠᠭᠤᠷᠢ ᠮᠥᠩᠭᠦᠨ ᠤ ᠨᠡᠶᠢᠭᠡᠮᠯᠢᠭ ᠤᠨ 2017 ᠣᠨ ᠠᠴᠠ ᠡᠬᠢᠯᠡᠨ ᠬᠡᠷᠡᠭᠵᠢᠭᠦᠯᠦᠭᠰᠡᠨ ᠨᠢᠭᠡ | ᠵᠦᠢᠯ ᠤᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠪᠣᠯᠤᠨ᠎ᠠ᠂ ᠡᠨᠡ ᠨᠢ ᠬᠥᠳᠡᠭᠡ ᠲᠣᠰᠬᠤᠨ ᠤ ᠭᠠᠵᠠᠷ ᠣᠷᠣᠨ ᠤ | ᠥᠬᠢᠳ ᠤᠨ ᠠᠮᠢᠳᠤᠷᠠᠯ ᠪᠠ ᠰᠤᠷᠤᠯᠴᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠲᠡᠳᠡᠨ ᠤ ᠣᠷᠣᠰᠢᠨ ᠲᠣᠭᠲᠠᠨᠢᠬᠤ | ᠪᠠ ᠬᠥᠭᠵᠢᠬᠦ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠥᠯᠥᠭᠡ ᠶᠤᠮ᠃ ᠲᠤᠰ ᠲᠦᠷᠦᠯ ᠵᠦᠢᠯ ᠨᠢ | ᠭᠤᠸᠠᠩᠵᠸᠤ ᠶᠢᠨ ᠲᠢᠩ ᠮᠧᠶ ᠵᠢᠵᠢᠭ ᠭᠡᠷ ᠵᠠᠰᠠᠯ ᠴᠢᠮᠡᠭᠯᠡᠯ ᠤᠨ ᠡᠳ᠋ ᠤᠨ ᠬᠢᠵᠠᠭᠠᠷᠲᠤ ᠺᠣᠮᠫᠠᠨᠢ ᠶᠢᠨ ᠬᠠᠶᠢᠷ᠎ᠠ ᠬᠠᠯᠠᠮᠵᠢ ᠶᠢᠨ | ᠳᠡᠮᠵᠢᠯᠭᠡ ᠳᠣᠣᠷ᠎ᠠ᠂ ᠬᠥᠳᠡᠭᠡ ᠲᠣᠰᠬᠤᠨ ᠤ ᠬᠡᠦᠬᠡᠨ ᠤᠳ ᠲᠤ ︽ᠡᠷᠡᠭᠦᠯ ᠮᠡᠨᠳᠦ ᠶᠢᠨ ᠰᠠᠶᠢᠵᠢᠷᠠᠭᠤᠯᠤᠯᠲᠠ ᠶᠢᠨ ᠪᠣᠭᠴᠣ︾ | ᠣᠯᠭᠤᠬᠤ ᠶᠢᠨ ᠬᠠᠮᠲᠤ ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠭᠤᠯᠤᠯ ᠤᠨ ᠲᠠᠶᠢᠯᠤᠮᠵᠢ ᠵᠡᠷᠭᠡ ᠬᠡᠯᠪᠡᠷᠢ ᠪᠠᠷ | ᠳᠠᠮᠵᠢᠭᠤᠯᠤᠨ᠂ ᠬᠡᠦᠬᠡᠳ ᠢ ᠬᠠᠪᠰᠤᠷᠤᠨ ᠰᠠᠶᠢᠨ ᠰᠠᠶᠢᠬᠠᠨ ᠠᠮᠢᠳᠤᠷᠠᠯ᠂ ᠡᠷᠡᠭᠦᠯ ᠬᠠᠮᠠᠭᠠᠯᠠᠯ ᠤᠨ ᠳᠠᠳᠬᠠᠯ ᠲᠠᠢ ᠪᠣᠯᠭᠠᠵᠤ᠂ | ᠲᠡᠳᠡᠨ ᠤ ᠪᠦᠬᠦᠯᠢ ᠴᠣᠭᠴᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠪᠡ᠃ | | | | | | |