ᠮᠠᠨ ᠤ ᠰᠢᠶᠠᠨ ᠬᠠᠮᠲᠤᠷᠠᠨ ᠭᠤᠤᠯᠳᠠᠯᠭ᠎ᠠ ᠲᠠᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠵᠢᠴᠢ ᠭᠠᠯ ᠤᠨ ᠠᠶᠤᠯ ᠶᠡᠬᠡᠲᠡᠶ ᠣᠷᠣᠨ ᠳᠤ ᠣᠩᠭᠤᠨ ᠪᠠᠶᠢᠭᠤᠯᠬᠤ ᠶᠢ ᠴᠢᠩᠭ᠎ᠠ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/30
    ᠣᠶᠢᠷ᠎ᠠ ᠶᠢᠨ ᠡᠳᠦᠷ ᠤᠳ ᠲᠤ᠂ ᠮᠠᠨ ᠤ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠠᠮᠲᠤᠷᠠᠨ ᠪᠥᠬᠦ ᠰᠢᠶᠠᠨ ᠤ ᠭᠤᠤᠯᠳᠠᠯᠭ᠎ᠠ ᠲᠠᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠵᠢᠴᠢ ᠭᠠᠯ ᠤᠨ ᠠᠶᠤᠯ ᠶᠡᠬᠡᠲᠡᠶ ᠣᠷᠣᠨ ᠳᠤ ᠭᠠᠵᠠᠷ ᠰᠣᠩᠭᠤᠵᠤ ᠣᠩᠭᠤᠨ ᠪᠠᠶᠢᠭᠤᠯᠬᠤ ᠶᠢ ᠴᠢᠩᠭ᠎ᠠ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠡᠭᠦᠨ ᠤ ᠵᠣᠷᠢᠯᠭ᠎ᠠ ᠨᠢ ᠤᠯᠠᠨ ᠨᠡᠶᠢᠲᠡ ᠶᠢᠨ ᠭᠠᠯ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠰᠢᠶᠠᠨ ᠤ ᠭᠤᠣᠯᠳᠠᠯᠭ᠎ᠠ ᠲᠠᠢ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠣᠷᠣᠨ᠂ ᠴᠡᠷᠢᠭ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠵᠢᠴᠢ ᠭᠠᠯ ᠤᠨ ᠠᠶᠤᠯ ᠶᠡᠬᠡᠲᠡᠢ ᠣᠷᠣᠨ ᠳᠤ ᠭᠠᠵᠠᠷ ᠰᠣᠩᠭᠤᠨ ᠣᠩᠭᠤᠨ ᠪᠠᠶᠢᠭᠤᠯᠬᠤ ᠶᠢ ᠴᠢᠩᠭ᠎ᠠ ᠴᠠᠭᠠᠵᠠᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠭᠦᠨᠵᠡᠭᠡᠢ ᠥᠷᠨᠢᠬᠦ ᠶᠢ ᠠᠬᠢᠭᠤᠯᠵᠤ᠂ ᠪᠦᠬᠦ ᠰᠢᠶᠠᠨ ᠤ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠪᠦᠬᠦ ᠰᠢᠶᠠᠨ ᠤ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠬᠤ ᠶᠢ ᠴᠢᠩᠭᠠᠳᠬᠠᠬᠤ ᠶᠢᠨ ᠲᠥᠯᠥᠭᠡ ᠶᠤᠮ᠃    ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠨᠢᠭᠡᠴᠡ ᠶᠢᠨ ᠠᠵᠢᠯᠲᠠᠳ ᠬᠠᠮᠢᠶ᠎ᠠ ᠪᠥᠬᠦᠶ ᠳᠡᠯᠭᠡᠭᠦᠷ ᠲᠤ ᠭᠦᠨᠵᠡᠭᠡᠶᠢᠷᠡᠨ᠂ ᠳᠡᠯᠭᠡᠭᠦᠷ ᠤᠨ ᠬᠠᠷᠢᠭᠤᠴᠠᠯᠭᠠᠲᠠᠨ ᠳᠤ ︽ᠪᠥᠬᠦ ᠰᠢᠶᠠᠨ ᠤ ᠭᠤᠤᠯᠳᠠᠯᠭ᠎ᠠ ᠲᠠᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠵᠢᠴᠢ ᠭᠠᠯ ᠤᠨ ᠠᠶᠤᠯ ᠶᠡᠬᠡᠲᠡᠶ ᠣᠷᠣᠨ ᠳᠤ ᠭᠠᠵᠠᠷ ᠰᠣᠩᠭᠤᠨ ᠣᠩᠭᠤᠨ ᠪᠠᠶᠢᠭᠤᠯᠬᠤ ᠶᠢ ᠴᠢᠩᠭ᠎ᠠ ᠴᠠᠭᠠᠵᠠᠯᠠᠬᠤ︾ ᠲᠤᠬᠠᠶ ᠵᠠᠷᠯᠠᠯ ᠲᠠᠷᠬᠠᠭᠠᠬᠤ ᠶᠢᠨ ᠬᠠᠮᠲᠤ ᠬᠠᠮᠢᠶ᠎ᠠ ᠪᠥᠬᠦᠶ ᠠᠮᠤᠷ ᠲᠦᠪᠰᠢᠨ ᠤ ᠱᠠᠭᠠᠷᠳᠠᠯᠭ᠎ᠠ ᠪᠠ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ᠂ ᠲᠣᠭᠲᠠᠭᠠᠯ ᠢ ᠵᠥᠷᠢᠴᠡᠭᠰᠡᠨ ᠠᠴᠠ ᠪᠣᠯᠤᠭᠰᠠᠨ ᠦᠷ᠎ᠡ ᠳ᠋ᠦᠩ ᠵᠢᠴᠢ ᠡᠭᠦᠷᠭᠡᠯᠡᠬᠦ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠠᠷᠢᠨ ᠲᠣᠳᠣᠷᠬᠠᠶ ᠲᠠᠷᠬᠠᠭᠠᠪᠠ᠃ ᠡᠭᠦᠨ ᠢᠶᠠᠷ ᠪᠠᠷᠠᠬᠤ ᠥᠬᠡᠶ᠂ ᠠᠵᠢᠯᠲᠠᠳ ᠪᠠᠰᠠ ᠡᠯ᠎ᠡ ᠳᠡᠯᠭᠡᠭᠦᠷ ᠲᠤ ᠪᠠᠲᠤᠯᠠᠭ᠎ᠠ ᠶᠢᠨ ᠪᠢᠴᠢᠭ ᠪᠠᠭᠤᠯᠭᠠᠵᠤ᠂ ᠳᠡᠯᠭᠡᠭᠦᠷ ᠤᠨ ᠬᠠᠷᠢᠭᠤᠴᠠᠯᠭᠠᠲᠠᠨ ᠢ ᠭᠠᠷ ᠤᠨ ᠦᠰᠦᠭ ᠵᠢᠷᠤᠬᠤ ᠶᠢᠨ ᠬᠠᠮᠲᠤ ᠬᠠᠮᠢᠶ᠎ᠠ ᠪᠥᠬᠦᠶ ᠲᠣᠭᠲᠠᠭᠠᠯ ᠢ ᠵᠢᠷᠤᠮᠯᠠᠬᠤ ᠪᠠᠷ ᠠᠮᠠᠯᠳᠠᠬᠤ ᠬᠡᠷᠡᠭᠲᠡᠶ ᠭᠡᠵᠦ ᠱᠠᠭᠠᠷᠳᠠᠪᠠ᠃    ᠲᠣᠰ ᠤᠳᠠᠭᠠᠨ ᠤ ᠬᠠᠮᠲᠤᠷᠠᠭᠰᠠᠨ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠰᠢᠶᠠᠨ ᠤ ᠡᠯ᠎ᠡ ᠬᠠᠮᠢᠶ᠎ᠠ ᠪᠥᠬᠦᠶ ᠳᠡᠯᠭᠡᠭᠦᠷ ᠤᠨ ᠬᠥᠮᠦᠰ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠴᠢᠨᠠᠷ ᠢ ᠭᠦᠶ᠋ᠴᠡᠳ ᠲᠠᠨᠢᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯ ᠳᠤ ᠢᠳᠡᠪᠬᠢᠲᠡᠶ ᠬᠠᠮᠵᠢᠯᠴᠠᠨ᠂ ᠭᠠᠯ ᠰᠡᠷᠭᠡᠶᠢᠯᠡᠬᠦ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠳᠤᠷ᠎ᠠ ᠪᠠᠷ ᠢᠶᠠᠨ ᠭᠠᠵᠠᠷ ᠰᠣᠩᠭᠤᠵᠤ ᠣᠩᠭᠤᠨ ᠪᠠᠶᠢᠭᠤᠯᠬᠤ ᠥᠬᠡᠶ ᠭᠡᠵᠦ ᠢᠯᠡᠳᠬᠡᠪᠡ᠃ ᠡᠭᠦᠨ ᠤ ᠬᠠᠮᠲᠤ᠂ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠭᠦᠨᠵᠡᠭᠡᠶᠢᠷᠡᠭᠦᠯᠬᠦ᠂ ᠮᠠᠨ ᠤ ᠰᠢᠶᠠᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠭᠠᠯ ᠤᠨ ᠠᠶᠤᠯ ᠶᠡᠬᠡᠲᠡᠶ ᠣᠷᠣᠨ ᠤ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠥᠭᠡᠳ ᠪᠥᠬᠦ ᠰᠢᠶᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2