ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ | ᠴᠢᠨᠠᠭᠰᠢᠳᠠ ᠪᠠᠳᠠᠷᠠᠭᠤᠯᠬᠤ ᠪᠠᠷ ᠭᠤᠣᠯ ᠰᠢᠵᠢᠮ ᠪᠣᠯᠭᠠᠵᠤ᠂ ᠥᠷᠭᠡᠨ ᠤᠯᠠᠨ ᠠᠵᠢᠯᠳᠠᠨ ᠤ ᠢᠳᠡᠪᠬᠢᠲᠡᠢ ᠥᠭᠡᠳᠡᠯᠡᠨ | ᠲᠠᠪᠰᠢᠬᠤ᠂ ᠬᠦᠴᠦᠯᠡᠨ ᠴᠢᠷᠮᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠬᠦ ᠶᠢᠨ ᠲᠥᠯᠥᠭᠡ᠂ | 12 ᠰᠠᠷ᠎ᠠ ᠶᠢᠨ 26 ᠤ ᠡᠳᠦᠷ᠂ ᠱᠠᠩᠳᠤ ᠰᠢᠶᠠᠨ ︽ᠳᠤᠮᠳᠠᠳᠤ ᠶᠢᠨ ᠵᠡᠭᠦᠳᠦ · ᠬᠥᠳᠡᠯᠮᠦᠷᠢ ᠭᠤᠶᠤ - ᠰᠡᠳᠬᠢᠯ | ᠨᠢᠭᠡᠳᠦᠨ ᠰᠦᠭ ᠰᠦᠨᠡᠰᠦ ᠶᠢ ᠱᠤᠭᠤᠵᠤ ᠨᠠᠮ ᠢᠶᠠᠨ ᠳᠠᠭᠠᠵᠤ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠵᠠᠮ ᠳᠠᠭᠠᠨ | ᠤᠷᠤᠭᠰᠢᠯᠠᠶ᠎ᠠ︾ ᠭᠡᠬᠦ ᠠᠵᠢᠯᠳᠠᠨ ᠠᠵᠢᠯᠴᠢᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠵᠢᠴᠢ ᠱᠠᠩᠨᠠᠯ ᠣᠯᠭᠤᠬᠤ | ᠶᠣᠰᠣᠯᠠᠯ ᠡᠷᠬᠢᠯᠡᠪᠡ᠃ | ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ | ᠲᠤᠰᠬᠠᠢ ᠲᠤᠰᠢᠶᠠᠯᠲᠤ ᠳᠡᠳ᠋ ᠱᠦᠵᠢ ᠶᠠᠨ ᠵᠢᠢ ᠶᠢᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ | ᠭᠦᠸᠧ ᠢᠦᠢ ᠭᠤᠸᠠᠩ᠂ ᠰᠢᠶᠠᠨ ᠤ ᠤᠳᠤᠷᠢᠳᠤᠯᠭ᠎ᠠ ᠮᠧᠩ ᠽᠧ ᠴᠢᠶᠦ᠋ᠩ᠂ ᠸᠠᠩ ᠬᠤ᠋ ᠵᠢᠶᠦ᠋ᠨ᠂ ᠶᠧ ᠱᠢ ᠬᠠᠢ᠂ ᠸᠧᠢ | ᠸᠧᠢ᠂ ᠼᠦᠢ ᡁᠢ ᠸᠧᠢ᠂ ᠴᠢᠶᠣᠤ ᠷᠦᠢ ᠫᠢᠩ ᠵᠢᠴᠢ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ | ᠠᠵᠢᠯᠯᠠᠭ᠎ᠠ ᠳᠤ ᠣᠷᠣᠯᠴᠠᠪᠠ᠃ | ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠧᠶ ᠸᠧᠶ ᠪᠠᠶᠠᠷ ᠤᠨ ᠦᠭᠡᠨ ᠳᠡᠭᠡᠨ᠂ ᠲᠣᠰ ᠤᠳᠠᠭᠠᠨ ᠤ ᠤᠷᠠᠨ | ᠰᠠᠶᠢᠬᠠᠨ ᠤ ᠲᠣᠭᠯᠠᠯᠲᠠ ᠪᠣᠯ ᠪᠥᠬᠦ ᠰᠢᠶᠠᠨ ᠤ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤ ᠣᠶᠤᠨ ᠰᠠᠨᠠᠭ᠎ᠠ | ᠰᠣᠶᠣᠯ ᠤᠨ ᠠᠮᠢᠳᠤᠷᠠᠯ ᠥᠷᠨᠢᠨ ᠬᠥᠭᠵᠢᠭᠰᠡᠨ ᠠᠮᠢᠳᠤᠯᠢᠭ ᠬᠤᠷᠢᠶᠠᠩᠭᠤᠶ ᠳᠦᠷᠰᠦ ᠮᠥᠨ᠂ ᠪᠠᠰᠠ ᠴᠤ ᠪᠥᠬᠦ ᠰᠢᠶᠠᠨ ᠤ | ᠺᠠᠳ᠋ᠷ ᠠᠵᠢᠯᠲᠠᠨ ᠠᠵᠢᠯᠴᠢᠨ ᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠦᠯᠬᠦᠮᠳᠡᠯ ᠢ ᠴᠢᠩᠭᠠᠳᠬᠠᠬᠤ | ᠨᠢᠭᠡ ᠤᠳᠠᠭᠠᠨ ᠤ ᠤᠳᠬ᠎ᠠ ᠤᠷᠠᠯᠢᠭ ᠤᠨ ᠦᠪᠡᠳᠡᠭᠰᠢ ᠬᠤᠷᠠᠯ ᠮᠥᠨ᠃ ᠡᠨᠡ ᠬᠦ ᠲᠣᠬᠢᠶᠠᠯ ᠢ ᠠᠰᠢᠭᠯᠠᠨ᠂ ᠪᠥᠬᠦ | ᠰᠢᠶᠠᠨ ᠤ ᠺᠠᠳ᠋ᠷ ᠠᠵᠢᠯᠲᠠᠨ ᠠᠵᠢᠯᠴᠢᠨ ᠬᠥᠳᠡᠯᠮᠦᠷᠢ ᠶᠢᠨ ᠵᠣᠷᠢᠭ ᠰᠠᠨᠠᠭ᠎ᠠ ᠪᠠ ᠤᠷᠠᠨ ᠳᠠᠷᠬᠠᠨ ᠤ ᠵᠣᠷᠢᠭ ᠰᠠᠨᠠᠭ᠎ᠠ ᠪᠠᠨ | ᠦᠷᠭᠦᠯᠵᠢᠯᠡᠨ ᠪᠠᠳᠠᠷᠠᠭᠤᠯᠵᠤ᠂ ᠲᠡᠷᠢᠭᠦᠨ ᠤ ᠬᠢ ᠪᠠᠷ ᠪᠠᠷᠢᠮᠵᠢᠶᠠᠯᠠᠨ᠂ ᠰᠢᠷᠭᠠᠭᠤ ᠬᠠᠲᠠᠭᠤᠵᠢᠯᠲᠠᠶ ᠠᠵᠢᠯᠯᠠᠵᠤ᠂ ᠡᠭᠡᠯ | ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠵᠤ᠂ ᠮᠠᠨ ᠤ | ᠰᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ ᠴᠥᠬᠦᠷᠡᠰᠢ ᠥᠬᠡᠶ ᠴᠢᠷᠮᠠᠶᠢᠬᠤ ᠬᠡᠷᠡᠭᠲᠡᠶ︕ | ᠤᠷᠠᠨ ᠰᠠᠶᠢᠬᠠᠨ ᠤ ᠲᠣᠭᠯᠠᠯᠲᠠ ᠨᠢ ᠪᠥᠵᠢᠭ ︽ᠣᠷᠭᠢᠯᠤᠮ᠎ᠠ ᠬᠠᠯᠠᠭᠤᠨ ᠰᠡᠳᠬᠢᠯᠭᠡ︾ ᠳᠤᠮᠳᠠ ᠡᠬᠢᠯᠡᠪᠡ᠃ ᠲᠣᠰ | ᠤᠳᠠᠭᠠᠨ ᠤ ᠲᠣᠭᠯᠠᠯᠲᠠ ᠨᠢ ᠳᠠᠭᠤᠯᠠᠬᠤᠶ ᠶᠢᠨ ᠬᠥᠭᠵᠢᠮ᠂ ᠶᠠᠷᠢᠶ᠎ᠠ ᠢᠯᠡᠳᠬᠡᠯ᠂ ᠤᠷᠠᠨ ᠤᠩᠰᠢᠯᠭ᠎ᠠ᠂ ᠪᠥᠵᠢᠭ ᠵᠡᠷᠭᠡ | ᠣᠯᠠᠨ ᠵᠦᠢᠯ ᠤᠨ ᠤᠷᠠᠯᠢᠭ ᠤᠨ ᠬᠡᠯᠪᠡᠷᠢ ᠶᠢ ᠬᠠᠮᠤᠷᠴᠤ᠂ ᠬᠥᠭ ᠠᠶᠠᠰ ᠨᠢ ᠣᠷᠭᠢᠯᠤᠮ᠎ᠠ ᠬᠠᠯᠠᠭᠤᠨ ᠪᠥᠭᠡᠳ ᠬᠥᠮᠦᠰ ᠤᠨ | ᠰᠡᠳᠬᠢᠯ ᠢ ᠵᠣᠷᠢᠭᠵᠢᠭᠤᠯᠵᠤ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠤᠨ᠎ᠠ᠃ ᠲᠣᠭᠯᠠᠭᠴᠢᠳ ᠳᠠᠭᠤᠤ ᠬᠠᠶᠢᠷ᠎ᠠ | ᠰᠡᠳᠬᠢᠯᠭᠡ ᠪᠠᠨ ᠢᠯᠡᠳᠬᠡᠵᠦ᠂ ᠪᠥᠵᠢᠭ ᠢᠶᠠᠷ ᠮᠠᠭᠲᠠᠨ ᠰᠠᠶᠢᠰᠢᠶᠠᠵᠤ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ | ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠠᠰᠠ ᠤᠷᠠᠯᠢᠭ ᠢᠶᠠᠷ | ᠬᠥᠳᠡᠯᠮᠦᠷᠢ ᠳᠤ ᠬᠠᠶᠢᠷᠠᠲᠠᠢ᠂ ᠬᠦᠰᠡᠯ ᠡᠷᠡᠮᠡᠯᠵᠡᠯ ᠤᠨ ᠬᠥᠭᠡᠭᠡᠴᠡᠯᠳᠦᠯ ᠢ ᠲᠠᠶᠢᠯᠪᠤᠷᠢᠯᠠᠪᠠ᠃ ᠤᠷᠠᠨ ᠰᠠᠶᠢᠬᠠᠨ ᠤ | ᠲᠣᠭᠯᠠᠯᠲᠠ ᠨᠢ ᠪᠦᠬᠦ ᠲᠣᠭᠯᠠᠭᠴᠢᠳ ᠤᠨ ᠠᠪᠴᠢᠷᠠᠭᠰᠠᠨ ︽ᠬᠠᠶᠢᠷ᠎ᠠ ᠥᠪᠥᠷ ᠮᠣᠩᠭᠤᠯ ᠳᠤ ᠪᠠᠶᠢᠨ᠎ᠠ︾ ᠭᠡᠬᠦ | ᠲᠣᠭᠯᠠᠯᠲᠠ ᠪᠠᠷ ᠥᠨᠳᠥᠷᠯᠡᠵᠦ᠂ ᠴᠤᠭᠯᠠᠭᠠᠨ ᠤ ᠲᠣᠭᠯᠠᠯᠲᠠ ᠨᠢ ᠰᠦᠷ ᠳᠠᠯᠠᠶᠢᠴᠠᠲᠠᠢ ᠶᠠᠪᠤᠭᠳᠠᠵᠤ᠂ ᠬᠦᠷ ᠬᠥᠭᠵᠢᠶᠡᠨ ᠢᠶᠠᠷ | ᠪᠢᠯᠬᠠᠨ᠎ᠠ᠃ | ᠲᠤᠰ ᠠᠵᠢᠯᠯᠠᠭ᠎ᠠ ᠳᠤ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ᠂ ᠭᠤᠷᠪᠠᠳᠤᠭᠠᠷ ᠲᠡᠰ ᠤᠨ ᠱᠠᠩᠨᠠᠯ᠂ | ᠬᠤᠶᠠᠳᠤᠭᠠᠷ ᠲᠡᠰ ᠤᠨ ᠱᠠᠩᠨᠠᠯ᠂ ᠨᠢᠭᠡᠳᠦᠭᠡᠷ ᠲᠡᠰ ᠤᠨ ᠱᠠᠩᠨᠠᠯ ᠬᠦᠷᠲᠡᠭᠰᠡᠳ ᠲᠤ ᠲᠤᠰ ᠲᠤᠰ ᠱᠠᠩᠨᠠᠯ ᠭᠠᠷᠳᠠᠭᠤᠯᠪᠠ᠃ | ᠲᠣᠰ ᠤᠳᠠᠭᠠᠨ ᠤ ᠠᠵᠢᠯᠯᠠᠭ᠎ᠠ ᠶᠢ ᠡᠷᠭᠢᠯᠡᠭᠰᠡᠨ ᠨᠢ ᠪᠥᠬᠦ ᠰᠢᠶᠠᠨ ᠤ ᠥᠷᠭᠡᠨ ᠣᠯᠠᠨ ᠠᠵᠢᠯᠲᠠᠨ ᠠᠵᠢᠯᠴᠢᠨ ᠤ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠴᠢᠩᠭᠠᠷᠠᠭᠤᠯᠤᠨ᠂ | ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠨᠠᠩ ᠴᠤᠭ ᠪᠠᠳᠠᠷᠠᠩᠭᠤᠶ | ᠲᠡᠮᠡᠴᠡᠯ ᠤᠨ ᠵᠣᠷᠢᠭ ᠢᠶᠠᠷ ᠠᠵᠢᠯ ᠤᠨ ᠳᠤᠮᠳᠠ ᠪᠠᠨ ᠭᠠᠪᠢᠶ᠎ᠠ ᠪᠠᠶᠢᠭᠤᠯᠤᠨ ᠦᠢᠯᠡᠰ ᠪᠦᠲᠦᠭᠡᠵᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠥᠪᠡᠷ ᠤᠨ | ᠬᠦᠴᠦᠨ ᠴᠢᠳᠠᠯ ᠢᠶᠠᠨ ᠡᠷᠭᠦᠬᠦ ᠶᠢ ᠬᠥᠭᠵᠢᠭᠡᠪᠡ᠃ | | | | |