ᠪᠦᠬᠦ ᠰᠢᠶᠠᠨ ᠤ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠢᠴᠢ ᠭᠠᠯ ᠤᠨ ᠠᠶᠤᠯ ᠶᠡᠬᠡᠲᠡᠢ ᠣᠷᠣᠨ ᠳᠤ ᠭᠠᠵᠠᠷ ᠰᠣᠩᠭᠤᠨ ᠣᠩᠭᠤᠨ ᠪᠠᠶᠢᠭᠤᠯᠬᠤ ᠶᠢ ᠴᠢᠩᠭ᠎ᠠ ᠴᠠᠭᠠᠵᠠᠯᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2024/12/30
  ᠶᠡᠷᠦᠩᠬᠡᠢ ᠱᠦᠵᠢ ᠰᠢ ᠶᠢᠨ ᠫᠢᠩ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠠᠮᠢ ᠠᠬᠤᠢ ᠶᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠦᠬᠦ ᠰᠢᠶᠠᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠬᠤ ᠶᠢ ᠦᠨᠡᠨᠬᠦ ᠴᠢᠩᠭᠠᠳᠬᠠᠬᠤ ᠬᠡᠷᠡᠭᠲᠡᠢ᠃ ᠢᠯᠠᠩᠭᠤᠶ᠎ᠠ ᠪᠦᠬᠦ ᠰᠢᠶᠠᠨ ᠤ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠣᠷᠣᠨ ᠵᠢᠴᠢ ᠴᠡᠷᠢᠭ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠵᠡᠷᠭᠡ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠪᠦᠬᠦ ᠰᠢᠶᠠᠨ ᠤ ᠭᠤᠣᠯᠳᠠᠯᠭ᠎ᠠ ᠲᠠᠢ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠣᠷᠣᠨ᠂ ᠴᠡᠷᠢᠭ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠵᠢᠴᠢ ᠭᠠᠯ ᠤᠨ ᠠᠶᠤᠯ ᠶᠡᠬᠡᠲᠡᠶ ᠣᠷᠣᠨ ᠳᠤ ᠭᠠᠵᠠᠷ ᠰᠣᠩᠭᠤᠨ ᠣᠩᠭᠤᠨ ᠪᠠᠶᠢᠭᠤᠯᠬᠤ ᠶᠢ ᠴᠢᠩᠭ᠎ᠠ ᠴᠠᠭᠠᠵᠠᠯᠠᠵᠤ᠂ ᠭᠠᠯ ᠤᠨ ᠠᠶᠤᠯ ᠠᠳᠡᠯ ᠢ ᠤᠷᠢᠳᠴᠢᠯᠠᠨ ᠰᠡᠷᠭᠡᠶᠢᠯᠡᠵᠦ᠂ ᠠᠮᠢ ᠠᠬᠤᠶ ᠶᠢᠨ ᠲᠡᠩᠴᠡᠭᠦᠷᠢ ᠶᠢ ᠬᠠᠮᠠᠭᠠᠯᠠᠬᠤ ᠬᠡᠷᠡᠭᠲᠡᠶ᠃ ︽ᠪᠦᠬᠦᠲᠡ ᠨᠠᠶᠢᠷᠡᠮᠳᠠᠬᠤ ᠲᠤᠮᠳᠠᠳᠣ ᠠᠷᠡᠳ ᠣᠯᠥᠰ ᠤᠨ ᠣᠢ ᠰᠢᠭᠤᠢ ᠶᠢᠨ ᠬᠠᠦᠯᠢ︾᠂ ︽ᠪᠦᠬᠦᠲᠡ ᠨᠡᠶᠢᠷᠡᠮᠳᠡᠬᠤ ᠲᠣᠮᠳᠠᠳᠣ ᠠᠷᠡᠳ ᠣᠯᠥᠰ ᠤᠨ ᠣᠢ ᠰᠢᠭᠤᠢ ᠶᠢᠨ ᠬᠠᠦᠯᠢ︾᠂ ︽ᠪᠦᠬᠦᠲᠡ ᠨᠡᠶᠢᠷᠡᠮᠳ᠋ᠬᠠᠥ ᠲᠣᠮᠳᠠᠳᠣ ᠠᠷᠡᠳ ᠣᠯᠥᠰ ᠤᠨ ᠣᠢ ᠰᠢᠭᠤᠢ ᠶᠢᠨ ᠬᠠᠦᠯᠢ︾᠂ ︽ᠪᠦᠬᠦᠲᠡ ᠨᠡᠶᠢᠷᠡᠮᠳ᠋ᠬᠠᠥ ᠲᠣᠮᠳᠠᠳᠣ ᠠᠷᠡᠳ ᠣᠯᠥᠰ ᠤᠨ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠬᠠᠦᠯᠢ︾᠂ ︽ᠪᠦᠬᠦᠲᠡ ᠨᠡᠶᠢᠷᠡᠮᠳᠠᠬᠤ ᠲᠣᠮᠳᠠᠳᠣ ᠠᠷᠡᠳ ᠣᠯᠥᠰ ᠤᠨ ᠭᠠᠵᠡᠷ ᠰᠢᠷᠦᠢ ᠶᠢᠨ ᠬᠠᠮᠢᠶᠡᠷᠦᠯᠳᠡ ᠶᠢᠨ ᠬᠠᠦᠯᠢ︾᠂ ︽ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠲᠠᠰᠣᠯᠥᠯᠳᠡ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠭᠡᠷᠡᠭᠵᠢᠬᠦᠯᠬᠦ ᠳᠥᠷᠢᠮ︾᠂ ︽ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠶᠢᠳᠦ ᠭᠠᠵᠡᠷ ᠤᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠲᠠᠰᠣᠯᠥᠯᠳᠡ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠭᠡᠷᠡᠭᠯᠡᠬᠦ ᠳᠦᠷᠢᠮ︾᠂ ︽ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠶᠢᠳᠣ ᠭᠠᠵᠡᠷ ᠤᠨ ᠲᠣᠰᠬᠠᠢ ᠴᠡᠭᠴᠡᠯᠡᠨ ᠵᠠᠰᠬᠠᠰᠠᠨ ᠦᠷ᠎ᠠ ᠪᠦᠳᠦᠭᠡᠯ ᠢ ᠪᠠᠬᠢᠵᠢᠬᠦᠯᠥᠨ ᠳᠡᠭᠡᠭᠰᠢᠯᠡᠬᠦᠯᠬᠦ ᠠᠵᠢᠯᠯᠠᠭᠠᠨ ᠤ ᠭᠡᠷᠡᠭᠵᠢᠬᠦᠯᠬᠦ ᠳᠥᠰᠦᠯ︾ ᠪᠠ ︽ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠠᠤᠯᠢ ᠠᠴᠠ ᠵᠦᠷᠢᠴᠠᠨ ᠪᠠᠶᠢᠭᠤᠯᠵᠦ ᠪᠤᠯᠠᠰᠢᠨ ᠭᠠᠵᠡᠷ ᠢ ᠣᠷᠳᠣ ᠬᠤᠭᠤᠴᠠᠭ᠎ᠠ ᠪᠠᠷ ᠪᠦᠳᠦᠮᠵᠢᠳᠡᠢ ᠵᠠᠰᠠᠬᠤ ᠠᠵᠢᠯ ᠤᠨ ᠭᠡᠷᠡᠭᠵᠢᠬᠦᠯᠬᠦ ᠳᠥᠰᠦᠯ︾ ᠵᠡᠷᠭᠡ ᠬᠠᠮᠢᠶ᠎ᠠ ᠪᠦᠬᠦᠢ ᠬᠠᠦᠯᠢ ᠴᠠᠭᠠᠵᠠ ᠶᠢᠨ ᠲᠣᠠᠠᠳᠠᠭᠠᠯ ᠢ ᠦᠨᠳᠣᠰᠣᠯᠡᠨ᠂ ᠣᠨᠴᠣᠭᠤᠶᠢᠯᠠᠨ ᠲᠣᠣᠷᠡᠬᠢ ᠮᠡᠳᠣ ᠵᠠᠷᠯᠠᠪᠡ᠃    1. ᠣᠢ ᠮᠣᠳᠣ ᠶᠢ ᠡᠪᠳᠡᠨ ᠠᠲᠠᠷ ᠬᠠᠭᠠᠯᠪᠤᠷᠢᠯᠠᠬᠤ ᠪᠠ ᠣᠢ ᠮᠣᠳᠣ ᠶᠢ ᠡᠪᠳᠡᠨ ᠴᠢᠯᠠᠭᠤ ᠠᠪᠬᠤ᠂ ᠬᠠᠶᠢᠷ ᠮᠠᠯᠲᠠᠬᠤ᠂ ᠰᠢᠷᠣᠶ ᠠᠪᠬᠤ᠂ ᠬᠠᠤᠯᠢ ᠪᠤᠰᠤ ᠪᠠᠷ ᠣᠶᠢᠲᠤ ᠭᠠᠵᠠᠷ ᠢ ᠡᠵᠡᠯᠡᠨ ᠬᠡᠷᠡᠭᠯᠡᠬᠦ᠂ ᠣᠶᠢᠲᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠬᠤ᠂ ᠣᠶᠢᠲᠤ ᠭᠠᠵᠠᠷ ᠳᠡᠭᠡᠷ᠎ᠡ ᠠᠭᠤᠷᠬᠠᠢ ᠪᠠᠷᠢᠬᠤ᠂ ᠪᠤᠯᠠᠰᠢ ᠪᠠᠷᠢᠬᠤ᠂ ᠭᠡᠷ ᠪᠠᠷᠢᠬᠤ ᠵᠢᠴᠢ ᠪᠤᠰᠤᠳ ᠡᠪᠳᠡᠯᠡᠭᠡ ᠶᠢᠨ ᠦᠢᠯᠡ ᠠᠵᠢᠯᠯᠠᠭ᠎ᠠ ᠶᠢ ᠴᠠᠭᠠᠵᠠᠯᠠᠨ᠎ᠠ᠃    2. ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠥᠬᠡᠶ ᠪᠠᠷ ᠣᠶ ᠰᠢᠭᠤᠶ ᠶᠢᠨ ᠭᠠᠵᠠᠷ ᠤᠨ ᠬᠡᠷᠡᠭᠯᠡᠯᠲᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠤᠤᠯ ᠪᠠᠶᠢᠳᠠᠯ ᠢ ᠰᠡᠷᠭᠦᠭᠡᠯᠭᠡᠬᠦ ᠶᠢᠨ ᠬᠠᠮᠲᠤ ᠬᠠᠤᠯᠢ ᠪᠤᠰᠤ ᠪᠠᠷ ᠣᠶᠢᠲᠤ ᠭᠠᠵᠠᠷ ᠢ ᠬᠤᠪᠢᠷᠠᠭᠤᠯᠤᠭᠰᠠᠨ ᠣᠶ ᠰᠢᠭᠤᠶ ᠶᠢᠨ ᠭᠠᠵᠠᠷ ᠤᠨ ᠲᠡᠭᠰᠢ ᠳᠥᠷᠪᠡᠯᠵᠢᠨ ᠮᠧᠳ᠋ᠷ ᠪᠦᠷᠢ ᠳᠤ 10 ᠲᠥᠭᠦᠷᠢᠭ ᠠᠴᠠ 30 ᠲᠥᠭᠦᠷᠢᠭ ᠵᠣᠭᠤᠰ ᠢᠶᠠᠷ ᠲᠣᠷᠭᠠᠨ᠎ᠠ᠃    3. ᠵᠥᠪᠰᠢᠶᠡᠷᠡᠭᠦᠯᠦᠭᠡᠳᠦᠶ ᠪᠠᠷ ᠪᠤᠶᠤ ᠮᠡᠬᠡᠯᠡᠬᠦ ᠠᠷᠭ᠎ᠠ ᠪᠠᠷᠢᠯ ᠢᠶᠠᠷ ᠵᠥᠪᠰᠢᠶᠡᠷᠡᠭᠦᠯᠦᠭᠡᠳᠦᠶ ᠪᠠᠷ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠡᠷᠡᠭᠯᠡᠭᠡᠳ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠡᠷᠡᠭᠦᠦ ᠶᠢᠨ ᠰᠢᠳᠬᠡᠯ ᠲᠣᠷᠭᠠᠭᠤᠯᠢ ᠥᠭᠬᠦ ᠦᠭᠡᠶ ᠪᠣᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠷᠬᠡ ᠲᠤᠰᠢᠶᠠᠯ ᠢᠶᠠᠨ ᠦᠨᠳᠦᠰᠦᠯᠡᠨ ᠵᠠᠷᠯᠢᠭᠳᠠᠵᠤ ᠪᠠᠶᠢᠭᠠᠳ ᠬᠠᠤᠯᠢ ᠪᠤᠰᠤ ᠪᠠᠷ ᠬᠡᠷᠡᠭᠯᠡᠭᠰᠡᠨ ᠨᠤᠲᠤᠭ ᠪᠡᠯᠴᠢᠭᠡᠷ ᠢ ᠪᠦᠲᠦᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ᠪᠣᠯᠭᠠᠨ ᠳᠤᠷ᠎ᠠ ᠪᠠᠷ ᠢᠶᠠᠨ ᠪᠤᠴᠠᠭᠠᠭᠰᠠᠨ ᠪᠣᠯ᠂ ᠬᠠᠤᠯᠢ ᠪᠤᠰᠤ ᠪᠠᠷ ᠬᠡᠷᠡᠭᠯᠡᠭᠰᠡᠨ ᠨᠤᠲᠤᠭ ᠪᠡᠯᠴᠢᠭᠡᠷ ᠳᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ ᠪᠡᠯᠡᠳᠬᠡᠮᠵᠢ ᠶᠢ ᠨᠢ ᠬᠤᠭᠤᠴᠠᠭ᠎ᠠ ᠬᠢᠵᠠᠭᠠᠷᠯᠠᠨ ᠨᠤᠷᠠᠭᠠᠯᠭᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠬᠦ ᠶᠢᠨ ᠬᠠᠮᠲᠤ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠡᠷᠡᠭᠯᠡᠭᠦᠯᠬᠦ ᠠᠴᠠ ᠡᠮᠦᠨᠡᠬᠢ ᠭᠤᠷᠪᠠᠨ ᠵᠢᠯ ᠤᠨ ᠳᠤᠮᠳᠠᠴᠢ ᠦᠢᠯᠡᠳᠬᠦᠨ ᠤ ᠥᠷᠲᠡᠭ ᠤᠨ ᠵᠢᠷᠭᠤᠭᠠᠨ ᠳᠠᠬᠢᠨ ᠠᠴᠠ ᠳᠡᠭᠡᠭᠰᠢ ᠠᠷᠪᠠᠨ ᠬᠤᠶᠠᠷ ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠬᠤ ᠬᠡᠷᠡᠭᠲᠡᠶ᠃    4. ︽ᠣᠢ ᠰᠢᠭᠤᠢ ᠶᠢᠨ ᠬᠠᠤᠯᠢ︾᠂ ︽ᠣᠢ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ᠤᠨ 48 ᠳ᠋ᠦ᠋ᠭᠡᠷ ᠵᠦᠢᠯ ᠢ ᠦᠨᠳᠦᠰᠦᠯᠡᠵᠦ᠃ ᠲᠤᠰ ᠳᠦᠷᠢᠮ ᠤᠨ ᠲᠣᠭᠲᠠᠭᠠᠯ ᠠᠴᠠ ᠵᠥᠷᠢᠴᠡᠨ ᠣᠶ ᠰᠢᠭᠤᠶ᠂ ᠣᠶ ᠮᠣᠳᠣ᠂ ᠣᠶ ᠮᠣᠳᠣᠨ ᠤ ᠭᠠᠵᠠᠷ ᠤᠨ ᠡᠵᠡᠩᠨᠡᠯᠲᠡ ᠶᠢᠨ ᠨᠢᠭᠡᠴᠡ ᠪᠤᠶᠤ ᠬᠤᠪᠢ ᠬᠥᠮᠦᠨ ᠨᠢ ᠣᠶ ᠰᠢᠭᠤᠶ ᠶᠢᠨ ᠭᠠᠯ ᠰᠡᠷᠭᠡᠶᠢᠯᠡᠬᠦ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠶ ᠪᠣᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ ᠬᠤᠪᠢ ᠬᠥᠮᠦᠨ ᠢ 500 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠨᠢᠭᠡᠴᠡ ᠶᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠬᠡᠷᠡᠭᠲᠡᠶ᠃    5. ︽ᠣᠢ ᠰᠢᠭᠤᠢ ᠶᠢᠨ ᠬᠠᠤᠯᠢ︾᠂ ︽ᠣᠢ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ᠤᠨ ᠳᠥᠴᠢ ᠶᠢᠰᠦᠳᠦᠭᠡᠷ ᠵᠦᠢᠯ ᠢ ᠦᠨᠳᠦᠰᠦᠯᠡᠵᠦ᠃ ᠣᠶ ᠰᠢᠭᠤᠶ ᠶᠢᠨ ᠭᠠᠯ ᠰᠡᠷᠭᠡᠶᠢᠯᠡᠬᠦ ᠣᠷᠣᠨ ᠤ ᠳᠣᠲᠣᠷᠠᠬᠢ ᠬᠤᠯᠪᠣᠭᠳᠠᠯ ᠪᠦᠬᠦᠢ ᠨᠢᠭᠡᠴᠡ ᠪᠤᠶᠤ ᠬᠤᠪᠢ ᠬᠥᠮᠦᠨ ᠨᠢ ᠣᠶ ᠰᠢᠭᠤᠶ ᠶᠢᠨ ᠭᠠᠯ ᠰᠡᠷᠭᠡᠶᠢᠯᠡᠬᠦ ᠪᠠᠶᠢᠴᠠᠭᠠᠯᠲᠠ ᠶᠢ ᠬᠦᠯᠢᠶᠡᠬᠦ ᠦᠭᠡᠶ ᠪᠤᠶᠤ ᠣᠶ ᠰᠢᠭᠤᠶ ᠶᠢᠨ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠠᠴᠠ ᠬᠤᠭᠤᠴᠠᠭ᠎ᠠ ᠥᠩᠭᠡᠷᠡᠲᠡᠯ᠎ᠡ ᠭᠠᠯ ᠤᠨ ᠠᠶᠤᠯ ᠤᠨ ᠳᠠᠯᠳᠠ ᠭᠡᠮ ᠢ ᠠᠷᠢᠯᠭᠠᠬᠤ ᠦᠭᠡᠶ ᠪᠣᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ ᠰᠡᠷᠡᠮᠵᠢ ᠥᠭᠴᠦ᠂ ᠬᠤᠪᠢ ᠬᠥᠮᠦᠨ ᠢ 200 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠨᠡᠶᠢᠯᠡᠭᠦᠯᠦᠨ ᠰᠢᠳᠬᠡᠵᠦ᠂ ᠨᠢᠭᠡᠴᠡ ᠶᠢ 5000 ᠲᠥᠭᠦᠷᠢᠭ ᠠᠴᠠ ᠳᠡᠭᠡᠭᠰᠢ ᠪᠠᠢᠨ᠎ᠠ᠃    6. ︽ᠣᠢ ᠰᠢᠭᠤᠢ ᠶᠢᠨ ᠬᠠᠤᠯᠢ︾᠂ ︽ᠣᠢ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ᠤᠨ ᠲᠠᠪᠢᠳᠤᠭᠠᠷ ᠵᠦᠢᠯ ᠢ ᠦᠨᠳᠦᠰᠦᠯᠡᠵᠦ᠃ ᠣᠶ ᠰᠢᠭᠤᠶ ᠶᠢᠨ ᠭᠠᠯ ᠰᠡᠷᠭᠡᠶᠢᠯᠡᠬᠦ ᠬᠤᠭᠤᠴᠠᠭᠠᠨ ᠳᠤ ᠵᠥᠪᠰᠢᠶᠡᠷᠡᠭᠦᠯᠦᠭᠡᠳᠦᠶ ᠪᠠᠷ ᠣᠶ ᠰᠢᠭᠤᠶ ᠶᠢᠨ ᠭᠠᠯ ᠰᠡᠷᠭᠡᠶᠢᠯᠡᠬᠦ ᠣᠷᠣᠨ ᠤ ᠳᠣᠲᠣᠷ᠎ᠠ ᠬᠡᠭᠡᠷ᠎ᠡ ᠭᠠᠳᠠᠨ᠎ᠠ ᠳᠤᠷ᠎ᠠ ᠪᠠᠷ ᠢᠶᠠᠨ ᠭᠠᠯ ᠬᠡᠷᠡᠭᠯᠡᠭᠰᠡᠨ ᠪᠣᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠰᠡᠷᠡᠮᠵᠢ ᠥᠭᠴᠦ᠂ ᠬᠤᠪᠢ ᠬᠥᠮᠦᠨ ᠢ 200 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠨᠡᠶᠢᠯᠡᠭᠦᠯᠦᠨ ᠰᠢᠳᠬᠡᠵᠦ᠂ ᠨᠢᠭᠡᠴᠡ ᠶᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠨᠡᠶᠢᠯᠡᠭᠦᠯᠦᠨ ᠰᠢᠳᠬᠡᠨ᠎ᠡ᠃    7. ᠮᠠᠨ ᠤ ᠰᠢᠶᠠᠨ ᠤ ︽ᠭᠤᠷᠪᠠᠨ ᠳᠠᠭᠠᠤ ᠲᠤᠯᠤᠭᠠᠨ ᠲᠣᠭᠤᠷᠢᠭ︾ ︵ᠵᠠᠰᠠᠮᠠᠯ ᠵᠠᠮ᠂ ᠲᠡᠮᠦᠷ ᠵᠠᠮ ᠳᠠᠭᠠᠤ ᠶᠢᠨ ᠬᠤᠶᠠᠷ ᠬᠠᠵᠠᠭᠤ᠂ ᠤᠰᠤᠨ ᠴᠥᠭᠦᠷᠥᠮ ᠤᠨ ᠣᠶᠢᠷ᠎ᠠ ᠵᠢᠴᠢ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ᠄ ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ᠂ ᠬᠤᠲᠠ ᠶᠢᠨ ᠴᠡᠴᠡᠷᠯᠢᠭ᠂ ᠠᠯᠳᠠᠷᠲᠤ ᠦᠵᠡᠮᠵᠢ ᠶᠢᠨ ᠣᠷᠣᠨ᠂ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠣᠷᠣᠨ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ︶ ᠤᠨ ᠳᠣᠲᠣᠷᠠᠬᠢ ᠡᠯ᠎ᠡ ᠲᠥᠷᠥᠯ ᠤᠨ ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠪᠠᠶᠢᠬᠤ ᠶᠢ ᠴᠠᠭᠠᠵᠠᠯᠠᠨ᠎ᠠ᠃    8. ᠪᠤᠯᠠᠰᠢᠨ ᠤ ᠭᠠᠵᠠᠷ᠂ ᠵᠠᠮ᠂ ᠠᠭᠤᠳᠠᠮ ᠲᠠᠯᠠᠪᠠᠢ᠂ ᠨᠡᠶᠢᠲᠡ ᠶᠢᠨ ᠨᠣᠭᠤᠭᠠᠨ ᠭᠠᠵᠠᠷ᠂ ᠰᠠᠭᠤᠭᠠᠯᠢ ᠠᠷᠠᠳ ᠤᠨ ᠲᠣᠭᠤᠷᠢᠭ᠂ ᠴᠡᠴᠡᠷᠯᠢᠭ ᠵᠡᠷᠭᠡ ᠶᠠᠮᠠᠷᠪᠠ ᠵᠠᠳᠠᠭᠠᠶ ᠲᠠᠯᠠᠪᠤᠷ ᠲᠤ ᠭᠦᠨ ᠴᠠᠭᠠᠰᠤ᠂ ᠬᠤᠩᠭᠢᠯ ᠵᠣᠭᠤᠰ ᠵᠡᠷᠭᠡ ᠲᠠᠬᠢᠯᠭ᠎ᠠ ᠶᠢᠨ ᠬᠡᠷᠡᠭᠰᠡᠯ ᠰᠢᠲᠠᠭᠠᠬᠤ ᠶᠢ ᠴᠠᠭᠠᠵᠠᠯᠠᠨ᠎ᠠ᠃    9. ᠵᠥᠪᠰᠢᠶᠡᠷᠡᠭᠦᠯᠦᠭᠰᠡᠨ ᠦᠭᠡᠶ ᠪᠠᠷ ᠣᠷᠣᠰᠢᠭᠤᠯᠭ᠎ᠠ ᠶᠢᠨ ᠪᠡᠯᠡᠳᠬᠡᠮᠵᠢ ᠶᠢ ᠳᠤᠷ᠎ᠠ ᠪᠠᠷ ᠢᠶᠠᠨ ᠪᠠᠶᠢᠭᠤᠯᠤᠭᠰᠠᠨ ᠪᠣᠯ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠪᠦᠲᠦᠭᠡᠨ ᠪᠠᠶᠢᠭᠤᠯᠤᠯᠲᠠ᠂ ᠭᠠᠵᠠᠷ ᠰᠢᠷᠣᠶ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠦᠴᠦᠨ ᠦᠭᠡᠶ ᠪᠣᠯᠭᠠᠵᠤ᠂ ᠵᠠᠷᠯᠢᠭᠳᠠᠨ ᠤᠤᠯ ᠪᠠᠶᠢᠳᠠᠯ ᠢ ᠨᠢ ᠰᠡᠷᠭᠦᠭᠡᠵᠦ᠂ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠨ ᠠᠪᠬᠤ ᠶᠢᠨ ᠬᠠᠮᠲᠤ ᠬᠠᠤᠯᠢ ᠠᠴᠠ ᠵᠥᠷᠢᠴᠡᠭᠰᠡᠨ ᠣᠯᠵᠠᠪᠤᠷᠢ ᠶᠢᠨ ᠬᠢᠨᠢ 1 ᠳᠡᠭᠢᠨ ᠠᠴᠠ ᠳᠡᠭᠡᠭᠰᠢ 3 ᠳᠡᠭᠢᠨ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃    10. ᠹᠧᠣᠳᠠᠯ ᠤᠨ ᠮᠤᠬᠤᠷ ᠪᠢᠰᠢᠷᠡᠯ ᠤᠨ ᠣᠷᠣᠰᠢᠭᠤᠯᠭ᠎ᠠ ᠶᠢᠨ ᠬᠡᠷᠡᠭᠰᠡᠯ ᠢ ᠦᠢᠯᠡᠳᠴᠦ ᠪᠣᠷᠣᠯᠠᠭᠤᠯᠤᠭᠰᠠᠨ ᠪᠣᠯ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠤᠷᠢᠶᠠᠨ ᠠᠪᠴᠤ᠂ ᠦᠢᠯᠡᠳᠬᠦ᠂ ᠪᠣᠷᠣᠯᠠᠭᠤᠯᠬᠤ ᠵᠣᠭᠤᠰ ᠤᠨ ᠲᠤᠭ᠎ᠠ ᠶᠢᠨ ᠬᠢᠨᠢ 1 ᠳᠠᠬᠢᠨ ᠠᠴᠠ ᠳᠡᠭᠡᠭᠰᠢ 3 ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠵᠤ ᠨᠡᠶᠢᠯᠡᠭᠦᠯᠦᠨ ᠰᠢᠳᠬᠡᠵᠦ ᠪᠣᠯᠤᠨ᠎ᠠ᠃    11. ᠲᠠᠷᠢᠶᠠᠨ ᠭᠠᠵᠠᠷ ᠢ ᠡᠵᠡᠯᠡᠨ ᠤᠭᠤᠷᠬᠠᠶ ᠪᠠᠷᠢᠬᠤ᠂ ᠪᠤᠯᠠᠰᠢᠨ ᠭᠠᠵᠠᠷ ᠪᠠᠶᠢᠭᠤᠯᠬᠤ ᠪᠤᠶᠤ ᠲᠠᠷᠢᠶᠠᠨ ᠭᠠᠵᠠᠷ ᠳᠤᠷ᠎ᠠ ᠪᠠᠷ ᠢᠶᠠᠨ ᠭᠡᠷ ᠪᠠᠷᠢᠬᠤ᠂ ᠬᠠᠶᠢᠷ ᠮᠠᠯᠲᠠᠬᠤ᠂ ᠴᠢᠯᠠᠭᠤ ᠭᠠᠷᠭᠠᠬᠤ᠂ ᠠᠭᠤᠷᠬᠠᠢ ᠮᠠᠯᠲᠠᠬᠤ᠂ ᠰᠢᠷᠣᠢ ᠠᠪᠬᠤ ᠵᠡᠷᠭᠡ ᠶᠢ ᠬᠤᠷᠢᠭᠯᠠᠨ᠎ᠠ᠃ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠲᠠᠷᠢᠶᠠᠨ ᠭᠠᠵᠠᠷ ᠢ ᠡᠵᠡᠯᠡᠨ ᠨᠦᠬᠡᠨ ᠭᠡᠷ ᠪᠠᠷᠢᠬᠤ᠂ ᠪᠤᠯᠠᠰᠢᠨ ᠪᠠᠷᠢᠬᠤ ᠪᠤᠶᠤ ᠲᠠᠷᠢᠶᠠᠨ ᠭᠠᠵᠠᠷ ᠳᠡᠭᠡᠷ᠎ᠡ ᠳᠤᠷ᠎ᠠ ᠪᠠᠷ ᠢᠶᠠᠨ ᠭᠡᠷ ᠪᠠᠷᠢᠬᠤ᠂ ᠬᠠᠶᠢᠷ ᠮᠠᠯᠲᠠᠭᠰᠠᠨ᠂ ᠴᠢᠯᠠᠭᠤ ᠭᠠᠷᠭᠠᠭᠰᠠᠨ᠂ ᠠᠭᠤᠷᠬᠠᠶ ᠮᠠᠯᠲᠠᠭᠰᠠᠨ᠂ ᠰᠢᠷᠣᠶ ᠠᠪᠤᠭᠰᠠᠨ᠂ ᠡᠰᠡᠬᠦᠯ᠎ᠡ ᠭᠠᠵᠠᠷ ᠰᠢᠷᠣᠶ ᠨᠡᠭᠡᠭᠡᠨ ᠠᠰᠢᠭᠯᠠᠭᠰᠠᠨ ᠠᠴᠠ ᠪᠣᠯᠵᠤ ᠭᠠᠵᠠᠷ ᠰᠢᠷᠣᠶ ᠡᠯᠡᠰᠦᠷᠬᠡᠭᠵᠢᠭᠰᠡᠨ᠂ ᠬᠤᠵᠢᠷᠰᠢᠭᠰᠠᠨ ᠪᠣᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠲᠠᠷᠢᠶᠠᠯᠠᠩ ᠬᠥᠳᠡᠭᠡ ᠲᠣᠰᠬᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠤᠶᠤ ᠵᠠᠰᠠᠭᠤᠯᠬᠤ ᠪᠠᠷ ᠵᠠᠷᠯᠢᠭᠳᠠᠵᠤ ᠪᠠᠶᠢᠭᠠᠳ ᠵᠣᠭᠤᠰ ᠢᠶᠠᠷ ᠲᠣᠷᠭᠠᠵᠤ ᠪᠣᠯᠤᠨ᠎ᠠ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    12. ᠲᠠᠷᠢᠶᠠᠨ ᠭᠠᠵᠠᠷ ᠢ ᠬᠠᠤᠯᠢ ᠠᠴᠠ ᠵᠥᠷᠢᠴᠡᠨ ᠡᠵᠡᠯᠡᠨ ᠬᠡᠷᠡᠭᠯᠡᠵᠦ ᠨᠦᠬᠡᠨ ᠭᠡᠷ ᠪᠠᠶᠢᠭᠤᠯᠤᠭᠰᠠᠨ᠂ ᠪᠤᠯᠠᠰᠢ ᠮᠠᠯᠲᠠᠭᠰᠠᠨ ᠪᠤᠶᠤ ᠲᠠᠷᠢᠶᠠᠨ ᠭᠠᠵᠠᠷ ᠳᠡᠭᠡᠷ᠎ᠡ ᠳᠤᠷ᠎ᠠ ᠪᠠᠷ ᠢᠶᠠᠨ ᠭᠡᠷ ᠪᠠᠶᠢᠰᠢᠩ ᠪᠠᠷᠢᠭᠰᠠᠨ᠂ ᠬᠠᠶᠢᠷ ᠴᠢᠯᠠᠭᠤ ᠮᠠᠯᠲᠠᠭᠰᠠᠨ᠂ ᠠᠭᠤᠷᠬᠠᠶ ᠮᠠᠯᠲᠠᠭᠰᠠᠨ᠂ ᠰᠢᠷᠣᠶ ᠭᠠᠷᠭᠠᠭᠰᠠᠨ ᠵᠡᠷᠭᠡ ᠲᠠᠷᠢᠮᠠᠯ ᠤᠨ ᠨᠥᠬᠦᠴᠡᠯ ᠢ ᠡᠪᠳᠡᠭᠰᠡᠨ ᠪᠣᠯ ᠬᠠᠤᠯᠢ ᠶᠣᠰᠣᠭᠠᠷ ᠵᠣᠭᠤᠰ ᠢᠶᠠᠷ ᠲᠣᠷᠭᠠᠨ᠎ᠠ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ︵ᠨᠢᠭᠡ︶ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠪᠤᠶᠤ ᠬᠠᠷ᠎ᠠ ᠭᠠᠵᠠᠷ ᠰᠢᠷᠣᠶ ᠵᠡᠷᠭᠡ ᠴᠢᠨᠠᠷ ᠰᠠᠶᠢᠲᠠᠶ ᠲᠠᠷᠢᠶᠠᠨ ᠭᠠᠵᠠᠷ ᠠᠴᠠ ᠪᠤᠰᠤᠳ ᠲᠠᠷᠢᠶᠠᠨ ᠭᠠᠵᠠᠷ ᠢ ᠬᠠᠤᠯᠢ ᠠᠴᠠ ᠵᠥᠷᠢᠴᠡᠨ ᠡᠵᠡᠯᠡᠨ ᠬᠡᠷᠡᠭᠯᠡᠭᠰᠡᠨ ᠪᠣᠯ ᠲᠣᠷᠭᠠᠭᠤᠯᠢ ᠶᠢᠨ ᠵᠣᠭᠤᠰ ᠤᠨ ᠲᠤᠭ᠎ᠠ ᠨᠢ ᠲᠠᠷᠢᠶᠠᠨ ᠭᠠᠵᠠᠷ ᠢ ᠬᠠᠭᠠᠯᠪᠤᠷᠢᠯᠠᠬᠤ ᠰᠦᠢᠳᠬᠡᠯ ᠤᠨ ᠲᠠᠪᠤᠨ ᠳᠠᠬᠢᠨ ᠠᠴᠠ ᠳᠡᠭᠡᠭᠰᠢ ᠨᠠᠶ᠋ᠮᠠᠨ ᠳᠠᠬᠢᠨ ᠠᠴᠠ ᠳᠣᠷᠣᠭᠰᠢ ᠪᠠᠶᠢᠬᠤ︔ ᠬᠠᠤᠯᠢ ᠠᠴᠠ ᠵᠥᠷᠢᠴᠡᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠪᠤᠶᠤ ᠬᠠᠷ᠎ᠠ ᠭᠠᠵᠠᠷ ᠰᠢᠷᠣᠶ ᠵᠡᠷᠭᠡ ᠴᠢᠨᠠᠷ ᠰᠠᠶᠢᠲᠠᠶ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠪᠣᠯ ᠵᠣᠭᠤᠰ ᠲᠣᠷᠭᠠᠬᠤ ᠵᠣᠭᠤᠰ ᠤᠨ ᠲᠤᠭ᠎ᠠ ᠨᠢ ᠲᠠᠷᠢᠶᠠᠨ ᠭᠠᠵᠠᠷ ᠢ ᠬᠠᠭᠠᠯᠪᠤᠷᠢᠯᠠᠬᠤ ᠰᠦᠢᠳᠬᠡᠯ ᠤᠨ ᠨᠠᠢᠮᠠᠨ ᠳᠠᠬᠢᠨ ᠠᠴᠠ ᠳᠡᠭᠡᠭᠰᠢ ᠠᠷᠪᠠᠨ ᠳᠠᠬᠢᠨ ᠠᠴᠠ ᠳᠣᠷᠣᠭᠰᠢ ᠪᠣᠯᠤᠨ᠎ᠠ᠃    ᠳᠡᠭᠡᠷ᠎ᠡ ᠳᠤᠷᠠᠳᠤᠭᠰᠠᠨ 11 ᠳ᠋ᠤᠭᠡᠷ ᠵᠦᠢᠯ᠂ 12 ᠳ᠋ᠤᠭᠠᠷ ᠵᠦᠢᠯ ᠳᠤ ᠲᠣᠭᠲᠠᠭᠠᠭᠰᠠᠨ ᠦᠢᠯᠡ ᠪᠠᠶᠢᠳᠠᠯ ᠨᠢ ᠡᠩ ᠤᠨ ︵ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠪᠤᠶᠤ ᠬᠠᠷ᠎ᠠ ᠭᠠᠵᠠᠷ ᠰᠢᠷᠣᠶ ᠵᠡᠷᠭᠡ ᠴᠢᠨᠠᠷ ᠰᠠᠶᠢᠲᠠᠶ ᠲᠠᠷᠢᠶᠠᠨ ᠭᠠᠵᠠᠷ ᠠᠴᠠ ᠪᠤᠰᠤᠳ ᠲᠠᠷᠢᠶᠠᠨ ᠭᠠᠵᠠᠷ ᠢ ᠡᠵᠡᠯᠡᠨ ᠬᠡᠷᠡᠭᠯᠡᠵᠦ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠤᠶᠤ ᠵᠠᠰᠠᠵᠤ᠂ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠤᠶᠤ ᠵᠠᠰᠠᠭᠤᠯᠬᠤ ᠬᠡᠷᠡᠭᠲᠡᠶ᠃ ᠲᠠᠷᠢᠶᠠᠨ ᠭᠠᠵᠠᠷ ᠢ ᠬᠠᠭᠠᠯᠪᠤᠷᠢᠯᠠᠬᠤ ᠵᠠᠷᠤᠳᠠᠯ ᠨᠢ 5 ᠳᠠᠬᠢᠨ ᠠᠴᠠ ᠳᠡᠭᠡᠭᠰᠢ 6 ᠳᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠵᠤ ᠪᠣᠯᠤᠨ᠎ᠠ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠦᠢᠯᠡ ᠪᠠᠶᠢᠳᠠᠯ ᠨᠢ ᠬᠦᠨᠳᠦ ᠨᠣᠴᠢᠲᠠᠶ ︵ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠠᠷ᠎ᠠ ᠭᠠᠵᠠᠷ ᠰᠢᠷᠣᠶ ᠵᠡᠷᠭᠡ ᠴᠢᠨᠠᠷ ᠰᠠᠶᠢᠲᠠᠶ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠪᠣᠯ᠃ ᠲᠠᠷᠢᠶᠠᠨ ᠭᠠᠵᠠᠷ ᠢ ᠬᠠᠭᠠᠯᠪᠤᠷᠢᠯᠠᠬᠤ ᠵᠠᠷᠤᠳᠠᠯ ᠨᠢ 8 ᠳᠠᠬᠢᠨ ᠠᠴᠠ ᠳᠡᠭᠡᠭᠰᠢ 10 ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ᠃    ᠱᠠᠩᠳᠤ ᠰᠢᠶᠠᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠱᠠᠩᠳᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠱᠠᠩᠳᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ    2024 ᠣᠨ ᠤ 12 ᠰᠠᠷ᠎ᠠ ᠶᠢᠨ 25 ᠤ ᠡᠳᠦᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2