︽12 · 4︾ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠶᠢᠨ ᠰᠠᠨ | ᠵᠢᠶᠣᠣ ᠨᠡᠶᠢᠭᠡᠮ ᠲᠣᠭᠤᠷᠢᠭ ᠴᠢ ᠲᠠᠢ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠰᠢᠶᠠᠨ ᠤ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠠᠢ ᠬᠠᠮᠲᠤᠷᠠᠨ ᠠᠯᠢ ᠣᠯᠠᠨ ᠬᠡᠯᠪᠡᠷᠢ ᠪᠠᠷ ᠣᠯᠠᠨ ᠶᠠᠩᠵᠤ ᠶᠢᠨ᠂ | ᠠᠭᠤᠯᠭ᠎ᠠ ᠪᠠᠷ ᠪᠠᠶᠠᠯᠢᠭ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ | ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠬᠠᠤᠯᠢ ᠶᠢᠨ ᠡᠷᠬᠡ ᠰᠦᠷ ᠢ | ᠬᠠᠮᠠᠭᠠᠯᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ | ᠴᠠᠭᠠᠵᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠨᠡᠶᠢᠭᠡᠮ | ᠲᠣᠭᠤᠷᠢᠭ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ ᠶᠤᠮ᠃ | ᠨᠢᠭᠡ᠂ ᠠᠵᠢᠯᠯᠠᠭᠠᠨ ᠤ ᠪᠡᠯᠡᠳᠬᠡᠯ ᠨᠠᠷᠢᠨ ᠨᠢᠮᠪᠠᠶ | ᠲᠣᠰ ᠤᠳᠠᠭᠠᠨ ᠤ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠶᠢᠨ ᠪᠣᠳᠠᠲᠤ ᠦᠷ᠎ᠡ | ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠶᠢᠨ ᠰᠠᠨ ᠵᠢᠶᠤᠤ ᠨᠡᠶᠢᠭᠡᠮ ᠲᠣᠭᠤᠷᠢᠭ ᠴᠢ ᠲᠠᠢ | ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠲᠠᠢ ᠤᠷᠢᠳᠴᠢᠯᠠᠨ ᠨᠡᠪᠲᠡᠷᠡᠯᠴᠡᠨ ᠵᠣᠬᠢᠴᠠᠭᠤᠯᠵᠤ᠂ ᠠᠵᠢᠯᠯᠠᠭᠠᠨ ᠤ | ᠨᠠᠷᠢᠨ ᠲᠥᠰᠦᠯ ᠢ ᠬᠠᠮᠲᠤ ᠪᠠᠷ ᠲᠣᠭᠲᠠᠭᠠᠪᠠ᠃ ᠠᠵᠢᠯᠯᠠᠭ᠎ᠠ ᠶᠢᠨ ᠭᠤᠣᠯ ᠰᠡᠳᠦᠪ᠂ ᠴᠠᠭ᠂ ᠭᠠᠵᠠᠷ᠂ ᠠᠭᠤᠯᠭ᠎ᠠ | ᠵᠢᠴᠢ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ | ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠪᠠ᠃ ᠡᠭᠦᠨ ᠤ ᠬᠠᠮᠲᠤ᠂ ᠠᠵᠢᠯᠲᠠᠨ | ᠪᠣᠯᠤᠨ ᠰᠠᠶᠢᠨ ᠳᠤᠷ᠎ᠠ ᠶᠢᠨ ᠠᠵᠢᠯᠯᠠᠭᠴᠢ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠦᠨᠳᠦᠰᠦᠨ ᠬᠠᠤᠯᠢ ᠶᠢᠨ | ᠤᠬᠠᠭᠤᠯᠭ᠎ᠠ ᠶᠢᠨ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠵᠦ᠂ ᠤᠬᠠᠭᠤᠯᠭ᠎ᠠ ᠶᠢᠨ ᠵᠠᠷᠯᠠᠯ᠂ ᠬᠥᠨᠳᠡᠯᠡᠨ ᠪᠢᠴᠢᠭᠡᠰᠦ | ᠵᠡᠷᠭᠡ ᠤᠬᠠᠭᠤᠯᠭ᠎ᠠ ᠶᠢᠨ ᠡᠳ᠋ ᠪᠣᠳᠠᠰ ᠢ ᠵᠣᠬᠢᠶᠠᠵᠤ᠂ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠳᠤ ᠭᠦᠢᠴᠡᠳ | ᠪᠡᠯᠡᠳᠬᠡᠯ ᠬᠢᠬᠦ ᠬᠡᠷᠡᠭᠲᠡᠶ᠃ | ᠬᠤᠶᠠᠷ᠂ ᠠᠵᠢᠯᠯᠠᠭᠠᠨ ᠤ ᠠᠬᠤᠶ ᠲᠠᠯᠠᠪᠠᠢ ᠭᠤᠶᠢᠳᠠ ᠰᠠᠶᠢᠬᠠᠨ ᠶᠠᠪᠤᠭᠳᠠᠵᠤ᠂ | ︵ᠨᠢᠭᠡ︶ ᠦᠨᠳᠤᠰᠤᠨ ᠬᠠᠤᠯᠢ ᠶᠢᠨ ᠮᠡᠳᠡᠯᠭᠡ ᠶᠢᠨ ᠦᠵᠡᠰᠬᠦᠯᠡᠩ | ᠠᠵᠢᠯᠯᠠᠭ᠎ᠠ ᠶᠢᠨ ᠲᠤᠬᠠᠶ ᠶᠢᠨ ᠡᠳᠦᠷ ᠲᠤ᠂ ᠶᠢᠨ ᠰᠠᠨ ᠵᠢᠶᠣᠣ ᠨᠡᠶᠢᠭᠡᠮ ᠲᠣᠭᠤᠷᠢᠭ ᠤᠨ ᠡᠭᠦᠳᠡᠨ ᠡᠮᠦᠨ᠎ᠡ | ᠦᠨᠳᠦᠰᠦᠨ ᠬᠠᠤᠯᠢ ᠶᠢᠨ ᠮᠡᠳᠡᠯᠭᠡ ᠶᠢᠨ ᠦᠵᠡᠭᠦᠯᠭᠡ ᠶᠢᠨ ᠲᠣᠭᠤᠷᠢᠭ ᠭᠠᠷᠭᠠᠵᠤ᠂ ᠠᠯᠢ ᠣᠯᠠᠨ ᠦᠢᠯᠡᠳᠬᠦ | ᠨᠠᠷᠢᠯᠢᠭ ᠰᠠᠶᠢᠬᠠᠨ ᠤᠬᠠᠭᠤᠯᠭ᠎ᠠ ᠶᠢᠨ ᠵᠠᠷᠯᠠᠯ ᠳᠡᠷᠢ ᠲᠡᠭᠰᠢ ᠨᠠᠭᠠᠵᠤ ᠪᠠᠶᠢᠪᠠ᠃ ᠵᠠᠷ ᠮᠡᠳᠡᠭᠡᠨ ᠤ ᠠᠭᠤᠯᠭ᠎ᠠ ᠨᠢ | ᠦᠨᠳᠦᠰᠦᠨ ᠬᠠᠤᠯᠢ ᠶᠢᠨ ᠬᠥᠭᠵᠢᠯᠲᠡ ᠶᠢᠨ ᠶᠠᠪᠤᠴᠠ᠂ ᠦᠨᠳᠦᠰᠦᠨ ᠬᠠᠤᠯᠢ ᠶᠢᠨ ᠭᠤᠣᠯ ᠠᠭᠤᠯᠭ᠎ᠠ᠂ ᠠᠷᠠᠳ | ᠢᠷᠭᠡᠳ ᠤᠨ ᠦᠨᠳᠦᠰᠦᠨ ᠡᠷᠬᠡ ᠪᠠ ᠡᠭᠦᠷᠭᠡ ᠵᠡᠷᠭᠡ ᠤᠯᠠᠨ ᠲᠠᠯ᠎ᠠ ᠶᠢᠨ ᠮᠡᠳᠡᠯᠭᠡ ᠶᠢ ᠬᠠᠮᠤᠷᠴᠤ᠂ ᠠᠮᠢᠳᠤᠯᠢᠭ | ᠳᠦᠷᠰᠦᠯᠢᠭ ᠭᠡᠷᠡᠯ ᠵᠢᠷᠤᠭ᠂ ᠲᠣᠪᠴᠢ ᠠᠪᠰᠠᠷᠬᠠᠨ ᠦᠰᠦᠭ ᠪᠢᠴᠢᠭ ᠪᠠ ᠬᠢᠯᠪᠠᠷ ᠣᠶᠢᠯᠠᠭᠠᠮᠵᠢᠲᠠᠶ ᠬᠡᠷᠡᠭ ᠤᠨ | ᠵᠢᠱᠢᠶ᠎ᠡ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠦᠨᠳᠦᠰᠦᠨ ᠬᠠᠤᠯᠢ ᠶᠢᠨ ᠡᠳᠦᠷ ᠲᠤᠳᠤᠮ ᠤᠨ | ᠠᠮᠢᠳᠤᠷᠠᠯ ᠳᠠᠬᠢ ᠴᠢᠬᠤᠯᠠ ᠪᠠᠶᠢᠷᠢ ᠰᠠᠭᠤᠷᠢ ᠪᠠ ᠦᠢᠯᠡᠳᠦᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠳᠡᠯᠭᠡᠨ | ᠦᠵᠡᠭᠦᠯᠵᠡᠶ᠃ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠲᠠᠲᠠᠭᠳᠠᠨ ᠢᠷᠡᠵᠦ᠂ ᠲᠣᠭᠤᠷᠢᠨ ᠦᠵᠡᠵᠦ᠂ | ᠵᠠᠷᠯᠠᠯ ᠳᠡᠭᠡᠷᠡᠬᠢ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠪᠠᠶᠢᠨ ᠪᠠᠶᠢᠨ ᠳᠡᠷᠭᠡᠳᠡᠬᠢ ᠬᠥᠮᠦᠰ ᠲᠠᠢ ᠪᠠᠨ | ᠰᠣᠯᠢᠯᠴᠠᠨ ᠶᠠᠷᠢᠯᠴᠠᠵᠤ᠂ ᠲᠤᠬᠠᠢ ᠶᠢᠨ ᠲᠠᠯᠠᠪᠠᠢ ᠶᠢᠨ ᠰᠤᠷᠤᠯᠴᠠᠯᠭ᠎ᠠ ᠶᠢᠨ ᠠᠭᠤᠷ ᠠᠮᠢᠰᠬᠤᠯ ᠭᠦᠨ ᠵᠤᠵᠠᠭᠠᠨ | ᠪᠠᠶᠢᠯ᠎ᠠ᠃ | ︵ᠬᠤᠶᠠᠷ︶ ᠬᠠᠤᠯᠢ ᠴᠠᠭᠠᠵᠠ ᠶᠢᠨ ᠯᠠᠪᠯᠠᠭ᠎ᠠ ᠶᠢᠨ ᠦᠢᠯᠡᠴᠢᠯᠡᠭᠡ | ᠴᠢ ᠲᠠᠢ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠤᠨ ᠲᠤᠰᠬᠠᠶ ᠮᠡᠷᠭᠡᠵᠢᠯ ᠤᠨ ᠬᠠᠤᠯᠢ ᠴᠠᠭᠠᠵᠠ ᠶᠢᠨ | ᠠᠵᠢᠯᠲᠠᠳ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠬᠠᠤᠯᠢ ᠴᠠᠭᠠᠵᠠ ᠶᠢᠨ ᠵᠥᠪᠯᠡᠯᠭᠡ ᠥᠭᠬᠦ ᠲᠠᠪᠴᠠᠩ | ᠭᠠᠷᠭᠠᠵᠤ᠂ ᠰᠠᠭᠤᠭᠠᠯᠢ ᠠᠷᠠᠳ ᠲᠤ ᠰᠦᠶ᠋ᠳᠬᠡᠯ ᠬᠤᠷᠢᠶᠠᠬᠤ ᠥᠬᠡᠶ ᠬᠠᠤᠯᠢ ᠴᠠᠭᠠᠵᠠ ᠶᠢᠨ ᠵᠥᠪᠯᠡᠯᠭᠡ ᠥᠭᠬᠦ | ᠦᠶ᠋ᠯᠡᠴᠢᠯᠡᠭᠡ ᠬᠠᠩᠭᠠᠪᠠ᠃ ᠲᠡᠳᠡ ᠰᠠᠭᠤᠭᠠᠯᠢ ᠠᠷᠠᠳ ᠤᠨ ᠳᠤᠷᠠᠳᠤᠭᠰᠠᠨ ᠡᠯ᠎ᠡ ᠲᠥᠷᠥᠯ ᠤᠨ ᠬᠠᠤᠯᠢ | ᠴᠠᠭᠠᠵᠠ ᠶᠢᠨ ᠠᠰᠠᠭᠤᠳᠠᠯ ᠢ ᠬᠦᠯᠢᠴᠡᠩᠭᠦᠶ ᠪᠠᠷ ᠰᠣᠨᠣᠰᠴᠤ᠂ ᠤᠷᠤᠭ ᠭᠡᠷ ᠪᠦᠯᠢ᠂ ᠭᠡᠷ ᠬᠥᠷᠥᠩᠭᠡ ᠶᠢᠨ | ᠵᠢᠭᠤᠷᠠᠯᠳᠤᠭᠠᠨ᠂ ᠬᠥᠳᠡᠯᠮᠦᠷᠢ ᠶᠢᠨ ᠡᠷᠬᠡ ᠠᠰᠢᠭ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠵᠡᠷᠭᠡ ᠣᠯᠠᠨ ᠬᠦᠷᠢᠶ᠎ᠡ | ᠴᠠᠷᠠᠭ᠎ᠠ ᠳᠤ ᠬᠤᠯᠪᠣᠭᠳᠠᠵᠠᠶ᠃ ᠰᠠᠭᠤᠭᠠᠯᠢ ᠠᠷᠠᠳ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠳᠤ | ᠲᠦᠢᠯ ᠤᠨ ᠶᠡᠭᠡ ᠬᠠᠯᠠᠭᠤᠨ ᠰᠡᠳᠬᠢᠯᠭᠡ ᠢᠯᠡᠷᠡᠵᠦ᠂ ᠬᠤᠶᠢᠨ᠎ᠠ ᠬᠤᠶᠢᠨ᠎ᠠ ᠠᠴᠠ ᠪᠠᠨ ᠮᠥᠷᠯᠡᠨ ᠠᠰᠠᠭᠤᠵᠤ᠂ | ᠬᠠᠤᠯᠢ ᠴᠠᠭᠠᠵᠠ ᠶᠢᠨ ᠠᠵᠢᠯᠲᠠᠳ ᠢᠮᠠᠭᠲᠠ ᠬᠠᠯᠠᠭᠤᠮᠰᠤᠭ ᠢᠶᠠᠷ ᠦᠢᠯᠡᠴᠢᠯᠡᠬᠦ ᠣᠪᠣᠷ ᠢᠶᠠᠨ ᠪᠠᠷᠢᠮᠲᠠᠯᠠᠵᠤ᠂ | ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠤᠯᠪᠠ᠃ | ︵ᠭᠤᠷᠪᠠ︶ ᠦᠨᠳᠤᠰᠤᠨ ᠬᠠᠤᠯᠢ ᠶᠢᠨ ᠮᠡᠳᠡᠯᠭᠡ ᠶᠢᠨ ᠳᠠᠶᠢᠯᠤᠮᠵᠢ | ᠨᠡᠶᠢᠭᠡᠮ ᠲᠣᠭᠤᠷᠢᠭ ᠤᠨ ᠬᠤᠷᠠᠯ ᠤᠨ ᠭᠡᠷ ᠲᠤ ᠦᠨᠳᠦᠰᠦᠨ ᠬᠠᠤᠯᠢ ᠶᠢᠨ ᠮᠡᠳᠡᠯᠭᠡ ᠶᠢᠨ ᠲᠠᠶᠢᠯᠤᠮᠵᠢ ᠬᠢᠵᠦ᠂ | ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠠᠤᠯᠢ ᠴᠠᠭᠠᠵᠠ ᠶᠢᠨ ᠲᠤᠰᠬᠠᠶ | ᠮᠡᠷᠭᠡᠵᠢᠯᠲᠡᠨ ᠢ ᠤᠷᠢᠵᠤ ᠰᠠᠭᠤᠭᠠᠯᠢ ᠠᠷᠠᠳ ᠲᠤ ᠬᠢᠴᠢᠶᠡᠯ ᠣᠷᠣᠭᠤᠯᠪᠠ᠃ ᠲᠠᠶᠢᠯᠤᠮᠵᠢ ᠳᠤ᠂ ᠲᠤᠰᠬᠠᠶ | ᠮᠡᠷᠭᠡᠵᠢᠯᠲᠡᠳ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠵᠤ᠂ | ᠦᠨᠳᠦᠰᠦᠨ ᠬᠠᠤᠯᠢ ᠶᠢᠨ ᠦᠨᠳᠦᠰᠦᠨ ᠵᠠᠷᠴᠢᠮ᠂ ᠲᠥᠷᠥ ᠶᠢᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠯᠲᠠ ᠶᠢᠨ | ᠪᠦᠲᠦᠴᠡ᠂ ᠠᠷᠠᠳ ᠢᠷᠭᠡᠳ ᠤᠨ ᠡᠷᠬᠡ ᠪᠠᠨ ᠬᠡᠷᠬᠢᠨ ᠵᠥᠪ ᠬᠡᠷᠡᠭᠵᠢᠭᠦᠯᠬᠦ ᠪᠠ ᠡᠭᠦᠷᠭᠡ ᠪᠠᠨ ᠭᠦᠢᠴᠡᠳᠬᠡᠬᠦ ᠵᠡᠷᠭᠡ | ᠲᠠᠯ᠎ᠠ ᠪᠠᠷ ᠭᠦᠨᠵᠡᠭᠡᠶ ᠲᠠᠶᠢᠯᠤᠮᠵᠢ ᠬᠢᠵᠡᠶ᠃ ᠡᠭᠦᠨ ᠤ ᠬᠠᠮᠲᠤ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ | ᠂ ᠦᠨᠳᠦᠰᠦᠨ ᠬᠠᠤᠯᠢ ᠶᠢᠨ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ᠂ ᠠᠷᠠᠳ ᠲᠦᠮᠡᠨ ᠤ | ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠵᠡᠷᠭᠡ ᠲᠠᠯ᠎ᠠ ᠪᠠᠷ ᠬᠢ ᠴᠢᠬᠤᠯᠠ ᠦᠢᠯᠡᠳᠦᠯ ᠢ ᠠᠮᠢᠳᠤᠯᠢᠭ ᠢᠶᠠᠷ | ᠲᠣᠳᠣᠷᠬᠠᠶᠢᠯᠠᠨ ᠥᠭᠦᠯᠡᠵᠦ᠂ ᠰᠠᠭᠤᠭᠠᠯᠢ ᠠᠷᠠᠳ ᠲᠤ ᠦᠨᠳᠦᠰᠦᠨ ᠬᠠᠤᠯᠢ ᠪᠠ ᠬᠥᠮᠦᠨ ᠨᠢᠭᠡᠪᠦᠷᠢ ᠶᠢᠨ | ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠭᠡᠳᠡᠭ ᠢ ᠭᠦᠨᠵᠡᠭᠡᠶ ᠲᠠᠨᠢᠭᠤᠯᠪᠠ᠃ ᠲᠠᠶᠢᠯᠤᠮᠵᠢ ᠳᠠᠭᠤᠰᠤᠭᠰᠠᠨ ᠤ | ᠳᠠᠷᠠᠭ᠎ᠠ᠂ ᠰᠠᠭᠤᠭᠠᠯᠢ ᠠᠷᠠᠳ ᠡᠯᠪᠡᠭ ᠬᠤᠷᠢᠶᠠᠯᠲᠠ ᠣᠯᠵᠤ᠂ ᠦᠨᠳᠦᠰᠦᠨ ᠬᠠᠤᠯᠢ ᠶᠢᠨ ᠲᠤᠬᠠᠶ ᠨᠠᠩ | ᠰᠢᠰᠲ᠋ᠧᠮ ᠲᠠᠢ᠂ ᠨᠠᠩ ᠪᠥᠬᠦ ᠲᠠᠯ᠎ᠠ ᠶᠢᠨ ᠲᠠᠨᠢᠯᠲᠠ ᠲᠠᠢ ᠪᠣᠯᠵᠠᠶ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |