ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 26 ᠳ᠋ᠤᠭᠠᠷ ᠤᠳᠠᠭ᠎ᠠ ᠶᠢᠨ ᠬᠤᠷᠠᠯ ᠵᠢᠴᠢ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠨ ᠰᠢᠯᠭᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/9
  ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠶ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 12 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 26 ᠳ᠋ᠤᠭᠠᠷ ᠤᠳᠠᠭ᠎ᠠ ᠶᠢᠨ ᠬᠤᠷᠠᠯ ᠵᠢᠴᠢ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠰᠢᠯᠭᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠵᠢᠯᠲᠠᠨ ᠲᠣᠮᠢᠯᠠᠨ ᠵᠢᠯᠣᠭᠤᠳᠬᠤ ᠳᠤ ᠰᠤᠯᠠ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠳᠡᠳ᠋ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ ᠰᠢᠶᠠᠨ ᠤ ᠰᠢᠭᠤᠳ ᠬᠠᠷᠢᠶ᠎ᠠ ᠨᠢᠭᠡᠴᠡ ᠶᠢᠨ ᠨᠠᠮ ︵ᠠᠵᠢᠯᠴᠢᠨ︶ ᠤᠨ ᠬᠤᠷᠢᠶᠠᠨ ᠤ ᠱᠦᠵᠢ ᠵᠢᠴᠢ ᠬᠡᠰᠡᠭ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠤᠨ ᠤᠯᠠᠨ ᠲᠦᠮᠡᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ 10 ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠴᠢ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠴᠠᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠬᠤᠷᠢᠶᠠᠨ ᠤ ᠱᠦᠵᠢ ᠲᠠᠰ ᠳᠠᠷᠠᠭᠠᠯᠠᠨ ᠲᠠᠶᠢᠰᠠᠨ ᠳᠤ ᠭᠠᠷᠴᠤ ᠲᠤᠰᠢᠶᠠᠯ ᠤᠨ ᠮᠡᠳᠡᠭᠦᠯᠦᠯᠲᠡ ᠬᠢᠪᠠ᠃ ᠲᠡᠳᠡ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ ᠠᠵᠢᠯ ᠤᠨ ᠰᠡᠳᠬᠢᠴᠡ᠂ ᠭᠤᠤᠯ ᠠᠷᠭ᠎ᠠ ᠬᠡᠮᠵᠢᠶ᠎ᠡ᠂ ᠣᠯᠤᠭᠰᠠᠨ ᠦᠷ᠎ᠡ ᠪᠦᠲᠦᠮᠵᠢ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠪᠦᠬᠦ ᠲᠠᠯ᠎ᠠ ᠶᠢᠨ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠮᠳᠠᠬᠢ ᠰᠢᠨ᠎ᠡ ᠶᠢ ᠡᠭᠦᠳᠦᠭᠰᠡᠨ ᠠᠷᠭ᠎ᠠ ᠬᠢᠳᠡᠯ ᠪᠣᠯᠤᠨ ᠠᠮᠵᠢᠯᠲᠠ ᠣᠯᠤᠭᠰᠠᠨ ᠲᠤᠷᠰᠢᠯᠭ᠎ᠠ ᠪᠠᠨ ᠬᠤᠪᠢᠶᠠᠯᠴᠠᠪᠠ᠃ ᠲᠤᠰᠢᠶᠠᠯ ᠤᠨ ᠮᠡᠳᠡᠭᠦᠯᠦᠯᠲᠡ ᠶᠢᠨ ᠠᠭᠤᠯᠭ᠎ᠠ ᠳᠤ ᠨᠠᠮ ᠤᠨ ᠪᠠᠶᠢᠭᠤᠯᠤᠯᠲᠠ ᠶᠢᠨ ᠠᠵᠢᠯ ᠤᠨ ᠡᠯ᠎ᠡ ᠲᠠᠯ᠎ᠠ ᠶᠢ ᠬᠠᠮᠤᠷᠤᠭᠰᠠᠨ ᠪᠥᠭᠡᠳ ᠲᠤᠰ ᠲᠤᠰ ᠤᠨ ᠠᠵᠢᠯ ᠤᠨ ᠬᠢᠯᠠᠰ ᠴᠡᠭ ᠪᠣᠯᠤᠨ ᠣᠨᠴᠠᠯᠢᠭ ᠢ ᠲᠤᠪᠤᠶᠢᠯᠭᠠᠵᠦ᠂ ᠪᠦᠬᠦ ᠰᠢᠶᠠᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠡᠯᠪᠡᠭ ᠪᠠᠶᠠᠯᠢᠭ ᠦᠷ᠎ᠡ ᠪᠦᠲᠦᠭᠡᠯ ᠢ ᠭᠦᠢᠴᠡᠳ ᠢᠯᠡᠷᠡᠭᠦᠯᠪᠡ᠃ ᠶᠠᠩ ᠸᠧᠨ ᠾᠦᠢ ᠲᠤᠰᠢᠶᠠᠯ ᠤᠨ ᠮᠡᠳᠡᠭᠦᠯᠦᠯᠲᠡ ᠬᠢᠭᠰᠡᠨ ᠬᠥᠮᠦᠨ ᠨᠢᠭᠡᠪᠦᠷᠢ ᠳᠤ ᠨᠢᠭᠡᠳ ᠨᠢᠭᠡ ᠪᠠᠷ ᠦᠨᠡᠯᠡᠯᠲᠡ ᠬᠢᠪᠡ᠃ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠮᠳᠠᠬᠢ ᠴᠢᠷᠮᠠᠶᠢᠯᠭ᠎ᠠ ᠪᠠ ᠠᠮᠵᠢᠯᠲᠠ ᠶᠢ ᠭᠦᠢᠴᠡᠳ ᠨᠤᠲᠠᠯᠠᠬᠤ ᠶᠢᠨ ᠬᠠᠮᠲᠤ ᠪᠠᠰᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠭᠰᠠᠨ ᠪᠥᠭᠡᠳ ᠪᠣᠳᠠᠲᠠᠢ ᠬᠠᠯᠠᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠭᠠᠷᠭᠠᠭᠰᠠᠨ ᠪᠠᠶᠢᠨ᠎ᠠ᠃    ᠬᠤᠷᠠᠯ ᠠᠴᠠ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠬᠤ ᠪᠥᠭᠡᠳ ᠪᠠᠰᠠ ᠴᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠢ ᠪᠥᠬᠦ ᠲᠠᠯ᠎ᠠ ᠪᠠᠷ ᠲᠤᠭᠤᠰᠢᠯᠠᠭᠤᠯᠬᠤ ᠴᠢᠬᠤᠯᠠ ᠨᠢᠭᠡ ᠵᠢᠯ ᠪᠣᠯᠤᠨ᠎ᠠ᠃ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠢᠨ᠎ᠡ ᠨᠢᠭᠡ ᠵᠢᠯ ᠳᠤ ᠪᠦᠬᠦ ᠰᠢᠶᠠᠨ ᠤ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠢ ᠠᠬᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃    ᠬᠤᠷᠠᠯ ᠠᠴᠠ᠂ ᠰᠢᠨ᠎ᠡ ᠪᠠᠶᠢᠳᠠᠯ ᠳᠣᠣᠷᠠᠬᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠳᠤ ᠲᠡᠶᠢᠰᠢ ᠤᠷᠲᠤᠳᠬᠠᠬᠤ ᠶᠢ ᠠᠬᠢᠭᠤᠯᠬᠤ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠪᠠᠲᠤᠯᠠᠭ᠎ᠠ ᠮᠥᠨ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠦᠬᠦ ᠰᠢᠶᠠᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦ ᠲᠠᠯ᠎ᠠ ᠪᠠᠷ ᠲᠠᠪᠰᠢᠬᠤ ᠶᠢ ᠠᠬᠢᠭᠤᠯᠵᠤ᠂ ᠪᠦᠬᠦ ᠲᠠᠯ᠎ᠠ ᠪᠠᠷ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠡᠯ᠎ᠡ ᠨᠠᠮ ︵ᠠᠵᠤ ᠦᠢᠯᠡᠳᠪᠦᠷᠢ︶ ᠤᠨ ᠬᠤᠷᠢᠶ᠎ᠠ ᠶᠢᠨ ᠱᠦᠵᠢ ᠲᠤᠰ ᠤᠳᠠᠭ᠎ᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠤᠷᠤᠯᠴᠠᠯᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠲᠡᠷᠢᠭᠦᠨ ᠤ ᠲᠤᠷᠰᠢᠯᠭ᠎ᠠ ᠪᠠᠷ ᠲᠤᠯᠢ ᠪᠣᠯᠭᠠᠵᠤ᠂ ᠲᠤᠰ ᠪᠡᠶ᠎ᠡ ᠶᠢᠨ ᠬᠡᠪ ᠴᠢᠨᠠᠷ ᠪᠣᠯᠤᠨ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2