ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠤᠯᠢ ᠶᠣᠰᠣᠭᠠᠷ ᠲᠤᠭ᠎ᠠ | ᠪᠦᠷᠢᠳᠬᠡᠬᠦ ᠶᠢ ᠭᠦᠨᠵᠡᠭᠡᠶ ᠳᠥᠯᠭᠢᠨ ᠠᠬᠢᠭᠤᠯᠵᠤ᠂ ᠠᠷᠠᠳ ᠢᠷᠭᠡᠳ ᠤᠨ ᠬᠠᠤᠯᠢ ᠪᠠᠷ ᠵᠠᠰᠠᠬᠤ ᠤᠬᠠᠮᠰᠠᠷ ᠢ ᠪᠥᠬᠦ | ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 12 ᠰᠠᠷ᠎ᠠ ᠶᠢᠨ 6 ᠤ ᠡᠳᠦᠷ᠂ ᠱᠠᠩᠳᠤ ᠰᠢᠶᠠᠨ ︽12.8︾᠂ ︽ᠲᠤᠭ᠎ᠠ | ᠪᠦᠷᠢᠳᠬᠡᠯ ᠤᠨ ᠬᠠᠤᠯᠢ︾ ᠶᠢ ᠨᠡᠶᠢᠲᠡᠯᠡᠭᠰᠡᠨ ᠳᠤᠷᠠᠰᠬᠠᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠯᠭᠦᠭᠡ ᠪᠢᠴᠢᠭᠡᠰᠦ ᠡᠯᠭᠦᠬᠦ᠂ ᠲᠤᠭ᠎ᠠ ᠪᠦᠷᠢᠳᠬᠡᠯ ᠤᠨ ᠬᠠᠤᠯᠢ ᠴᠠᠭᠠᠵᠠ | ᠬᠠᠤᠯᠢ ᠲᠣᠭᠲᠠᠭᠠᠯ ᠤᠨ ᠵᠥᠪᠯᠡᠯᠭᠡ ᠥᠭᠬᠦ ᠲᠠᠪᠴᠠᠩ ᠪᠠᠶᠢᠭᠤᠯᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ | ᠬᠡᠯᠪᠡᠷᠢ ᠪᠠᠷ ᠳᠠᠮᠵᠢᠭᠤᠯᠤᠨ᠂ ᠪᠥᠬᠦ ᠠᠷᠠᠳ ᠢᠷᠭᠡᠳ ᠤᠨ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠮᠰᠠᠷ ᠪᠠ | ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠨᠡᠶᠢᠭᠡᠮ ᠢᠶᠠᠷ ᠢᠶᠠᠨ ᠲᠤᠭ᠎ᠠ | ᠪᠦᠷᠢᠳᠬᠡᠯ ᠤᠨ ᠬᠠᠤᠯᠢ ᠶᠢ ᠵᠢᠷᠤᠮᠯᠠᠬᠤ᠂ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ᠂ ᠲᠤᠭ᠎ᠠ ᠪᠦᠷᠢᠳᠬᠡᠯ ᠤᠨ | ᠬᠠᠤᠯᠢ ᠶᠢ ᠬᠦᠨᠳᠦᠳᠬᠡᠬᠦ ᠰᠠᠶᠢᠨ ᠰᠠᠶᠢᠬᠠᠨ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠣᠶ ᠪᠣᠯᠭᠠᠪᠠ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ︽ | ᠲᠤᠭ᠎ᠠ ᠪᠦᠷᠢᠳᠬᠡᠯ ᠤᠨ ᠬᠠᠤᠯᠢ︾ ᠶᠢᠨ ᠲᠤᠬᠠᠶ ᠮᠡᠳᠡᠷᠡᠬᠦ ᠬᠡᠮᠵᠢᠶ᠎ᠡ ᠶᠢ ᠪᠦᠲᠦᠮᠵᠢᠲᠡᠶ ᠨᠡᠮᠡᠭᠳᠡᠭᠦᠯᠵᠦ᠂ ᠬᠠᠤᠯᠢ ᠶᠣᠰᠣᠭᠠᠷ | ᠪᠦᠷᠢᠳᠬᠡᠬᠦ ᠦᠵᠡᠯ ᠤᠬᠠᠮᠰᠠᠷ ᠢ ᠴᠢᠩᠭᠠᠷᠠᠭᠤᠯᠪᠠ᠃ ᠪᠢᠳᠡ ᠲᠤᠭ᠎ᠠ ᠪᠦᠷᠢᠳᠬᠡᠯ ᠤᠨ ᠠᠵᠢᠯ ᠤᠨ ᠬᠢᠷᠢ ᠲᠦᠪᠰᠢᠨ ᠢᠶᠠᠨ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠢᠨᠠᠷ ᠰᠠᠶᠢᠲᠠᠶ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠠᠷ ᠠᠵᠤ ᠠᠬᠤᠶ | ᠨᠡᠶᠢᠭᠡᠮ ᠤᠨ ᠬᠥᠭᠵᠢᠯᠲᠡ ᠳᠤ ᠦᠶ᠋ᠯᠡᠴᠢᠯᠡᠵᠦ᠂ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ | ᠦᠨᠳᠦᠰᠦᠯᠡᠯ ᠬᠠᠩᠭᠠᠨ᠎ᠠ᠃ | | | | |