ᠱᠠᠩᠳᠤ ᠰᠢᠶᠠᠨ᠄ ᠰᠠᠶᠢᠨ ᠳᠤᠷ᠎ᠠ ᠶᠢᠨ ᠬᠦᠴᠦᠨ ᠰᠠᠶᠢᠨ ᠰᠠᠶᠢᠬᠠᠨ ᠠᠮᠢᠳᠤᠷᠠᠯ ᠢ ᠭᠡᠷᠡᠯᠲᠦᠭᠦᠯᠪᠡ
ᠨᠡᠶᠢᠲᠡᠯᠡᠭᠰᠡᠨ ᠴᠠᠭ᠄
2024/12/9
  ︽ᠬᠤᠪᠢ ᠨᠡᠮᠡᠷᠢ ᠦᠵᠡᠭᠦᠯᠬᠦ᠂ ᠡᠶ᠎ᠡ ᠨᠠᠶᠢᠷᠰᠠᠭ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠥᠬᠦ ᠰᠢᠶᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠳᠦᠷᠢᠮᠵᠢᠭᠦᠯᠦᠯᠲᠡ᠂ ᠵᠢᠷᠤᠮᠵᠢᠭᠤᠯᠤᠯᠲᠠ᠂ ᠪᠠᠶᠢᠩᠭᠤᠵᠢᠭᠤᠯᠬᠤ ᠠᠵᠢᠯ ᠢ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 5 ᠤ ᠡᠳᠦᠷ᠂ 39 ᠳ᠋ᠦᠭᠡᠷ ︽ᠣᠯᠠᠨ ᠤᠯᠤᠰ ᠤᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠡᠳᠦᠷ︾᠂ ᠱᠠᠩᠳᠤ ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ᠂ ᠵᠢᠨᠰᠠᠨ ᠵᠢᠶᠤᠤ ᠨᠡᠶᠢᠭᠡᠮ ᠲᠣᠭᠤᠷᠢᠭ᠂ ᠰᠢᠨ᠎ᠡ ᠳᠠᠪᠬᠤᠷᠭ᠎ᠠ ᠶᠢᠨ ᠬᠥᠮᠦᠰ ᠤᠨ ᠨᠥᠬᠦᠷᠯᠡᠯ ᠤᠨ ᠬᠤᠷᠠᠯ᠂ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮᠯᠢᠭ ᠪᠣᠯᠤᠨ ᠰᠡᠳᠬᠢᠯ ᠨᠢᠭᠡᠳᠦᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ᠂ ︽ᠰᠠᠶᠢᠨ ᠳᠤᠷ᠎ᠠ ᠶᠢᠨ ᠬᠦᠴᠦᠨ ᠢᠶᠠᠨ ᠡᠷᠭᠦᠵᠦ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ︾ ᠪᠠᠷ ᠭᠤᠤᠯ ᠰᠡᠳᠦᠪ ᠪᠣᠯᠭᠠᠭᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠷᠢᠰ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃    ᠦᠳᠡ ᠶᠢᠨ ᠡᠮᠦᠨᠡᠬᠢ 9 ᠴᠠᠭ ᠲᠤ᠂ ᠬᠠᠬᠢᠷ ᠬᠦᠢᠳᠡᠨ ᠰᠠᠯᠬᠢ ᠬᠡᠳᠦ᠋ᠢᠪᠡᠷ ᠬᠠᠬᠢᠷ ᠬᠦᠢᠳᠡᠨ ᠪᠠᠶᠢᠭᠰᠠᠨ ᠴᠤ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠲᠤ ᠬᠦᠷ ᠬᠥᠭᠵᠢᠶᠡᠨ ᠲᠠᠢ ᠪᠠᠶᠢᠳᠠᠯ ᠢᠯᠡᠷᠡᠵᠡᠢ᠃ ᠮᠠᠰᠢ ᠣᠯᠠᠨ ᠰᠠᠶᠢᠨ ᠳᠤᠷ᠎ᠠ ᠶᠢᠨ ᠦᠢᠯᠡᠴᠢᠯᠡᠭᠴᠢᠳ ᠢᠯᠡ ᠲᠣᠳᠣ ᠤᠯᠠᠭᠠᠨ ᠡᠯᠢᠭᠡᠪᠴᠢ ᠡᠮᠦᠰᠴᠦ᠂ ᠶᠠᠭ ᠡᠪᠦᠯ ᠤᠨ ᠡᠳᠦᠷ ᠤᠨ ᠳᠤᠯᠠᠭᠠᠨ ᠨᠠᠷᠠ ᠰᠢᠭ ᠢᠶᠠᠷ ᠨᠡᠶᠢᠭᠡᠮ ᠲᠣᠭᠤᠷᠢᠭ ᠲᠤ ᠬᠠᠶᠢᠷ᠎ᠠ ᠬᠠᠯᠠᠮᠵᠢ ᠪᠠ ᠬᠦᠰᠡᠯ ᠡᠷᠡᠮᠡᠯᠵᠡᠯ ᠠᠪᠴᠢᠷᠠᠵᠤ ᠥᠭᠪᠡ᠃ ᠠᠨ ᠺᠠᠩ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢ ᠰᠠᠶᠢᠨ ᠳᠤᠷ᠎ᠠ ᠶᠢᠨ ᠦᠢᠯᠡᠴᠢᠯᠡᠭᠴᠢᠳ ᠠᠯᠢ ᠡᠷᠲᠡ ᠴᠢᠰᠤᠨ ᠳᠠᠷᠤᠯᠲᠠ ᠶᠢᠨ ᠬᠡᠮᠵᠢᠭᠦᠷᠯᠢᠭ᠂ ᠴᠢᠰᠤᠨ ᠰᠢᠬᠢᠷ ᠤᠨ ᠬᠡᠮᠵᠢᠭᠦᠷ ᠵᠡᠷᠭᠡ ᠲᠥᠬᠦᠭᠡᠷᠦᠮᠵᠢ ᠪᠠᠨ ᠪᠡᠯᠡᠳᠬᠡᠵᠦ᠂ ᠠᠰᠠᠭᠤᠨ ᠯᠠᠪᠯᠠᠬᠤ ᠪᠠᠷ ᠢᠷᠡᠭᠰᠡᠨ ᠨᠠᠰᠤᠲᠠᠶᠢᠴᠤᠳ ᠢᠶᠠᠨ ᠤᠭᠲᠤᠪᠠ᠃ 80 ᠨᠠᠰᠤᠯᠠᠭᠰᠠᠨ ᠵᠤᠤ ᠡᠪᠦᠭᠡ ᠭᠡᠷ ᠤᠨ ᠬᠥᠮᠦᠰ ᠤᠨ ᠢᠶᠠᠨ ᠪᠠᠷ᠎ᠠ ᠳᠣᠣᠷ᠎ᠠ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠢᠷᠡᠪᠡ᠃ ᠰᠠᠶᠢᠨ ᠳᠤᠷ᠎ᠠ ᠶᠢᠨ ᠦᠢᠯᠡᠴᠢᠯᠡᠭᠴᠢᠳ ᠲᠡᠭᠦᠨ ᠤ ᠴᠢᠰᠤᠨ ᠳᠠᠷᠤᠯᠲᠠ ᠶᠢ ᠨᠠᠷᠢᠨ ᠬᠡᠮᠵᠢᠵᠦ ᠥᠭᠭᠦᠭᠰᠡᠨ ᠪᠥᠭᠡᠳ ᠦᠷ᠎ᠡ ᠳ᠋ᠦᠩ ᠢ ᠬᠦᠯᠢᠴᠡᠩᠭᠦᠢ ᠪᠠᠷ ᠲᠠᠶᠢᠯᠪᠤᠷᠢᠯᠠᠪᠠ᠄ ︽ᠵᠤᠤ ᠡᠪᠦᠭᠡ ᠡ᠂ ᠲᠠᠨ ᠤ ᠴᠢᠰᠤᠨ ᠳᠠᠷᠤᠯᠲᠠ ᠵᠢᠭᠠᠬᠠᠨ ᠥᠨᠳᠥᠷ ᠪᠣᠯᠵᠠᠢ᠂ ᠡᠩ ᠤᠨ ᠦᠶ᠎ᠡ ᠳᠤ ᠢᠳᠡᠭᠡᠨ ᠤᠮᠳᠠᠭᠠᠨ ᠢᠶᠠᠨ ᠠᠩᠬᠠᠷᠴᠤ᠂ ᠢᠯᠡᠭᠦᠦ ᠠᠮᠠᠷᠠᠨ᠎ᠠ ᠦᠦ︖︾ ᠭᠡᠪᠡ᠃ ᠵᠣᠤ ᠠᠪᠤ ᠪᠠᠶᠠᠷᠯᠠᠨ ᠲᠣᠯᠣᠭᠠᠢ ᠳᠣᠬᠢᠵᠤ ᠬᠡᠯᠡᠪᠡ᠃    ᠮᠢᠨᠦ ᠡᠨᠡ ᠬᠤᠢᠲᠤ ᠲᠠᠯ᠎ᠠ ᠶᠢᠨ ᠭᠡᠵᠢᠭᠡ ᠲᠦᠷᠭᠡᠨ ᠤᠷᠭᠤᠵᠤ ᠪᠠᠢᠨ᠎ᠠ᠂ ᠪᠣᠭᠤᠨᠢᠬᠠᠨ ᠪᠣᠯᠲᠠᠯ᠎ᠠ ᠲᠦᠯᠬᠢ ᠭᠡᠵᠦ ᠪᠣᠳᠣᠵᠤ ᠪᠠᠢᠨ᠎ᠠ︾ ᠭᠡᠪᠡ᠃ ᠰᠠᠶᠢᠨ ᠳᠤᠷ᠎ᠠ ᠶᠢᠨ ᠦᠰᠦ ᠵᠠᠰᠠᠭᠴᠢ ᠱᠠᠩ ᠹᠧᠩ ᠮᠧᠢ ᠳᠠᠯᠠ ᠭᠠᠷᠤᠭᠰᠠᠨ ᠨᠠᠰᠤᠲᠠᠨ ᠯᠢ ᠡᠪᠦᠭᠡᠨ ᠳᠤ ᠪᠥᠰᠡᠯᠡᠵᠦ ᠥᠭᠬᠦ ᠶᠢᠨ ᠳᠠᠭᠠᠤ ᠨᠠᠰᠤᠲᠠᠨ ᠤ ᠰᠠᠨᠠᠯ ᠢ ᠬᠦᠯᠢᠴᠡᠩᠭᠦᠢ ᠪᠠᠷ ᠠᠰᠠᠭᠤᠨ ᠯᠠᠪᠯᠠᠵᠤ᠂ ᠦᠰᠦ ᠭᠡᠵᠢᠭᠡ ᠶᠢ ᠨᠢ ᠨᠠᠷᠢᠨ ᠨᠢᠮᠪᠠᠢ ᠵᠠᠰᠠᠵᠤ᠂ ᠨᠠᠰᠤᠲᠠᠨ ᠤ ᠬᠦᠰᠡᠯ ᠰᠠᠨᠠᠭ᠎ᠠ ᠪᠠᠷ ︽ᠬᠤᠪᠢ ᠬᠥᠮᠦᠨ ᠵᠠᠬᠢᠶᠠᠯᠠᠵᠤ︾᠂ ᠨᠠᠰᠤᠲᠠᠨ ᠲᠠᠢ ᠵᠣᠭᠤᠭᠳᠠᠬᠤ ᠪᠠᠷ ᠴᠢᠷᠮᠠᠶᠢᠪᠠ᠃    ᠡᠭᠦᠨ ᠤ ᠬᠠᠮᠲᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠨᠡᠶᠢᠭᠡᠮ ᠲᠣᠭᠤᠷᠢᠭ ᠤᠨ ᠬᠦᠴᠢᠷᠳᠡᠯᠲᠡᠶ ᠣᠯᠠᠨ ᠲᠦᠮᠡᠨ ᠪᠠ ᠬᠥᠳᠡᠯᠵᠦ ᠪᠠᠷᠢᠬᠤ ᠳᠤ ᠳᠥᠭᠦᠮ ᠦᠭᠡᠢ᠂ ᠥᠨᠥᠴᠢᠨ ᠪᠡᠯᠪᠡᠰᠦᠨ ᠨᠠᠰᠤᠲᠠᠨ ᠤ ᠬᠡᠷ ᠲᠤ ᠬᠦᠷᠴᠦ᠂ ᠨᠠᠰᠤᠲᠠᠨ ᠲᠠᠢ ᠵᠣᠭᠤᠭᠳᠠᠵᠤ᠂ ᠨᠠᠰᠤᠲᠠᠳ ᠲᠤ ᠬᠡᠷ ᠪᠠᠶᠢᠰᠢᠩ ᠢ ᠴᠡᠪᠡᠷᠯᠡᠵᠦ᠂ ᠰᠢᠯ ᠵᠦᠯᠭᠦᠵᠦ᠂ ᠲᠡᠳᠡᠨ ᠳᠤ ᠠᠮᠢᠳᠤᠷᠠᠯ ᠤᠨ ᠬᠡᠷᠡᠭᠰᠡᠯ ᠪᠠ ᠬᠠᠯᠠᠭᠤᠨ ᠳᠣᠲᠣᠨᠣ ᠮᠡᠨᠳᠦᠴᠢᠯᠡᠯ ᠬᠦᠷᠭᠡᠪᠡ᠃ ᠨᠠᠰᠤᠲᠠᠨ ᠤ ᠴᠢᠷᠠᠶ ᠳᠤ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ᠂ ᠡᠳᠡᠭᠡᠷ ᠨᠠᠰᠤᠲᠠᠨ ᠳᠤ ᠠᠪᠴᠤ ᠬᠡᠯᠡᠪᠡᠯ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠬᠦᠷᠴᠦ ᠢᠷᠡᠭᠰᠡᠨ ᠨᠢ ᠡᠯᠢᠭᠡᠨ ᠰᠠᠳᠤᠨ ᠤ ᠪᠠᠨ ᠬᠠᠨᠢ ᠬᠠᠮᠰᠠᠭᠠᠲᠠᠨ ᠰᠢᠭ ᠪᠠᠶᠢᠳᠠᠭ᠃    ᠰᠠᠶᠢᠨ ᠳᠤᠷ᠎ᠠ ᠶᠢᠨ ᠬᠦᠴᠦᠨ ᠪᠣᠯ ᠬᠢᠵᠠᠭᠠᠷ ᠦᠭᠡᠢ ᠶᠤᠮ᠂ ᠲᠡᠷᠡ ᠶᠠᠭ ᠨᠠᠷᠢᠨ ᠤᠰᠤ ᠰᠢᠭ ᠮᠥᠷᠡᠨ ᠭᠤᠣᠯ ᠮᠥᠷᠡᠨ ᠳᠠᠯᠠᠢ ᠪᠣᠯᠪᠠ᠃ ᠱᠠᠩᠳᠤ ᠰᠢᠶᠠᠨ ᠤ ᠡᠨᠡ ᠤᠳᠠᠭᠠᠨ ᠤ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠰᠢᠷᠢᠰ ᠠᠵᠢᠯᠯᠠᠭ᠎ᠠ ᠳᠤᠮᠳᠠ ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠠᠷᠢᠭᠤ ᠣᠯᠬᠤ ᠶᠢ ᠬᠦᠰᠡᠬᠦ ᠥᠬᠡᠶ᠂ ᠪᠤᠰᠤᠳ ᠢ ᠬᠠᠪᠰᠤᠷᠴᠤ᠂ ᠬᠠᠶᠢᠷ᠎ᠠ ᠬᠠᠯᠠᠮᠵᠢ ᠪᠠᠨ ᠡᠷᠭᠦᠬᠦ ᠪᠠᠷ ᠶᠠᠪᠤᠪᠠ᠃ ᠲᠡᠳᠡ᠂ ᠬᠤᠶᠢᠰᠢᠳᠠ ᠦᠷᠭᠦᠯᠵᠢᠯᠡᠨ ᠦᠢᠯᠡᠴᠢᠯᠡᠭᠡᠨ ᠤ ᠳᠤᠮᠳᠠ ᠨᠡᠷᠡᠨ ᠤ ᠭᠡᠷᠡᠯ ᠰᠠᠴᠤᠵᠤ᠂ ᠬᠠᠶᠢᠷ᠎ᠠ ᠬᠠᠯᠠᠮᠵᠢ ᠶᠢᠨ ᠳᠤᠮᠳᠠ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠬᠤᠪᠢ ᠨᠡᠮᠡᠷᠢ ᠦᠵᠡᠭᠦᠯᠬᠦ ᠳᠤᠮᠳᠠ ᠬᠠᠷᠢᠭᠤᠴᠠᠯᠭ᠎ᠠ ᠪᠠ ᠡᠭᠦᠷᠭᠡᠯᠡᠯ ᠢᠶᠠᠨ ᠢᠯᠡᠷᠡᠭᠦᠯᠵᠦ᠂ ᠱᠠᠩᠳᠤ ᠰᠢᠶᠠᠨ ᠤ ᠦᠵᠡᠰᠬᠦᠯᠡᠩᠲᠦ ᠰᠠᠶᠢᠬᠠᠨ ᠭᠡᠷ ᠣᠷᠣᠨ ᠤ ᠪᠦᠳᠦᠭᠡᠨ ᠪᠠᠶᠢᠭᠤᠯᠤᠯᠲᠠ ᠳᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠪᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2