ᠱᠠᠩᠳᠤ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠡᠪᠦᠯ ᠢ ᠳᠤᠯᠠᠭᠠᠴᠠᠭᠤᠯᠵᠤ ᠬᠠᠶᠢᠷ᠎ᠠ ᠬᠠᠯᠠᠮᠵᠢ ᠪᠠᠷ ᠰᠤᠷᠤᠯᠭ᠎ᠠ ᠶᠢ ᠲᠡᠳᠬᠦᠬᠦ︾ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/9
   ︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠥᠮᠦᠯᠢᠭ ᠦᠵᠡᠯ ᠤᠨ ᠬᠦᠷᠢᠶᠡᠨ ᠳᠠᠬᠢ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠦᠨᠡᠨ ᠬᠦ ᠬᠠᠯᠠᠮᠵᠢᠯᠠᠨ ᠬᠠᠪᠰᠤᠷᠬᠤ ᠶᠢᠨ ᠲᠥᠯᠥᠭᠡ᠂ ᠣᠶᠢᠷ᠎ᠠ ᠳᠤ᠂ ᠱᠠᠩᠳᠤ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠫᠢᠩ ᠠᠨ ᠪᠠᠭ᠎ᠠ ᠰᠤᠷᠭᠠᠭᠤᠯᠢ᠂ ᠰᠢᠶᠤᠤ ᠬᠠᠶ ᠽᠢ ᠪᠠᠯᠭᠠᠰᠤᠨ ᠤ ᠭᠤᠤᠯ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ ᠵᠡᠷᠭᠡ ᠳᠤᠮᠳᠠᠳᠤ ᠪᠠᠭ᠎ᠠ ᠰᠤᠷᠭᠠᠭᠤᠯᠢ ᠳᠤ ︽ᠳᠤᠯᠠᠭᠠᠨ ᠪᠦᠯᠢᠶᠡᠨ ᠰᠤᠷᠤᠯᠭ᠎ᠠ ᠶᠢ ᠲᠡᠳᠬᠦᠬᠦ︾ ᠰᠢᠷᠢᠰ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠳ ᠬᠡᠦᠬᠡᠳ ᠤᠨ ᠰᠤᠷᠤᠯᠭ᠎ᠠ ᠪᠠ ᠪᠡᠶ᠎ᠡ ᠮᠠᠬᠠᠪᠣᠳ ᠤᠨ ᠪᠠᠶᠢᠳᠠᠯ ᠢ ᠢᠳᠡᠪᠬᠢᠲᠡᠶ ᠣᠶᠢᠯᠠᠭᠠᠬᠤ ᠶᠢᠨ ᠬᠠᠮᠲᠤ ᠲᠡᠭᠦᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠰᠢᠷᠭᠠᠭᠤ ᠬᠠᠲᠠᠭᠤᠵᠢᠯᠲᠠᠶ ᠲᠡᠮᠡᠴᠡᠵᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠰᠢᠯᠢᠳᠡᠭ ᠬᠢᠷᠢ ᠪᠦᠲᠦᠮᠵᠢ ᠪᠠᠷ ᠬᠡᠷ ᠪᠦᠯᠢ ᠶᠢᠨ ᠠᠴᠢ ᠶᠢ ᠬᠠᠷᠢᠭᠤᠯᠵᠤ᠂ ᠨᠡᠶᠢᠭᠡᠮ ᠳᠤ ᠠᠴᠢ ᠬᠠᠷᠢᠭᠤᠯᠬᠤ ᠶᠢ ᠵᠣᠷᠢᠭᠵᠢᠭᠤᠯᠬᠤ ᠶᠢᠨ ᠬᠠᠮᠲᠤ ᠬᠡᠦᠬᠡᠳ ᠤᠳ ᠲᠤ ᠬᠥᠪᠥᠩ ᠬᠤᠪᠴᠠᠰᠤ᠂ ᠥᠮᠥᠳᠦ᠂ ᠲᠦᠷᠭᠡᠨ ᠠᠪᠤᠷᠠᠯᠳᠠ ᠶᠢᠨ ᠪᠣᠭᠴᠣ ᠵᠡᠷᠭᠡ ᠠᠮᠢᠳᠤᠷᠠᠯ᠂ ᠰᠤᠷᠤᠯᠭ᠎ᠠ ᠶᠢᠨ ᠬᠡᠷᠡᠭᠰᠡᠯ ᠢ ᠬᠦᠷᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠪᠠᠭᠠᠴᠤᠳ ᠬᠡᠤᠬᠡᠳ ᠢ ᠬᠠᠯᠠᠮᠵᠢᠯᠠᠨ ᠬᠠᠶᠢᠷᠠᠯᠠᠵᠤ᠂ ᠲᠡᠳᠡᠨ ᠤ ᠨᠡᠶᠢᠭᠡᠮ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠭᠦᠶ᠋ᠴᠡᠳ ᠮᠡᠳᠡᠷᠡᠬᠦ ᠶᠢ ᠬᠦᠰᠡᠪᠡ᠃    ᠬᠡᠦᠬᠡᠳ ᠤᠳ ᠤᠨ ᠴᠢᠷᠠᠶ ᠳᠤ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ᠂ ᠣᠯᠤᠯᠲᠠ ᠨᠢ ᠪᠣᠳᠠᠰ ᠤᠨ ᠲᠠᠯ᠎ᠠ ᠶᠢᠨ ᠬᠠᠪᠰᠤᠷᠤᠯᠭ᠎ᠠ ᠪᠠᠷ ᠪᠠᠷᠠᠬᠤ ᠦᠭᠡᠢ᠂ ᠨᠠᠩ ᠴᠤ ᠰᠡᠳᠬᠢᠯ ᠰᠠᠨᠠᠭᠠᠨ ᠤ ᠲᠠᠶᠢᠳᠬᠤᠷᠠᠭᠤᠯᠤᠯ ᠪᠠ ᠦᠰᠦᠨ ᠪᠤᠶᠢᠵᠢᠯᠲᠠ ᠶᠢᠨ ᠬᠥᠳᠡᠯᠭᠡᠬᠦ ᠬᠦᠴᠦᠨ ᠪᠣᠯᠬᠤ ᠶᠤᠮ᠃ ᠠᠵᠢᠯᠯᠠᠭ᠎ᠠ ᠶᠢᠨ ᠬᠤᠭᠤᠴᠠᠭᠠᠨ ᠳᠤ᠂ ᠲᠣᠬᠤᠨᠢᠭᠤᠯᠬᠤ ᠰᠤᠷᠭᠠᠭᠤᠯᠢ ᠶᠢᠨ ᠪᠠᠭᠰᠢ ᠰᠤᠷᠤᠭᠴᠢᠳ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠤᠷᠤᠯᠭ᠎ᠠ ᠶᠢ ᠲᠡᠳᠬᠦᠬᠦ ᠠᠵᠢᠯᠯᠠᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠰᠤᠷᠭᠠᠭᠤᠯᠢ ᠶᠢᠨ ᠲᠠᠯ᠎ᠠ ᠠᠴᠠ ᠬᠡᠦᠬᠡᠳ ᠤᠳ ᠲᠤ ᠠᠴᠢ ᠬᠠᠷᠢᠭᠤᠯᠬᠤ ᠶᠢ ᠰᠤᠷᠴᠤ᠂ ᠡᠨᠡᠬᠦ ᠲᠦᠭᠡᠮᠡᠯ ᠬᠠᠶᠢᠷ᠎ᠠ ᠶᠢᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ ᠬᠡᠷᠡᠭᠲᠡᠶ ᠭᠡᠵᠦ ᠤᠷᠢᠶᠠᠯᠠᠪᠠ᠃    ᠬᠦᠴᠢᠷᠳᠡᠯᠲᠡᠢ ᠰᠤᠷᠤᠭᠴᠢᠳ ᠢ ᠬᠠᠶᠢᠷᠠᠯᠠᠨ ᠬᠠᠯᠠᠮᠵᠢᠯᠠᠬᠤ ᠪᠣᠯ ᠳᠠᠷᠤᠢ ᠡᠬᠡ ᠤᠯᠤᠰ ᠤᠨ ᠢᠷᠡᠭᠡᠳᠦᠢ ᠶᠢ ᠬᠠᠯᠠᠮᠵᠢᠯᠠᠬᠤ ᠶᠠᠪᠤᠳᠠᠯ ᠪᠣᠯᠤᠨ᠎ᠠ᠃ ᠲᠣᠰ ᠤᠳᠠᠭᠠᠨ ᠤ ᠠᠵᠢᠯᠯᠠᠭ᠎ᠠ ᠳᠤ ᠬᠥᠪᠥᠩ ᠬᠤᠪᠴᠠᠰᠤ᠂ ᠥᠮᠥᠳᠦ᠂ ᠲᠦᠷᠭᠡᠨ ᠠᠪᠤᠷᠠᠯᠲᠠ ᠶᠢᠨ ᠪᠣᠭᠴᠣ ᠵᠡᠷᠭᠡ ᠠᠮᠢᠳᠤᠷᠠᠯ᠂ ᠰᠤᠷᠤᠯᠭ᠎ᠠ ᠶᠢᠨ ᠬᠡᠷᠡᠭᠰᠡᠯ ᠲᠦᠭᠡᠭᠡᠵᠦ᠂ ᠲᠠᠷᠠᠭᠠᠴᠢ ᠶᠢᠨ ᠠᠯᠬᠤᠮ ᠳᠤ᠂ ᠱᠠᠩᠳᠤ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠦᠴᠢᠷᠳᠡᠯᠲᠡᠶ ᠬᠡᠤᠬᠡᠳ᠂ ᠪᠠᠭᠤᠷᠠᠶᠢᠴᠤᠤᠯ ᠢ ᠦᠷᠭᠦᠯᠵᠢᠯᠡᠨ ᠠᠩᠬᠠᠷᠴᠤ᠂ ᠲᠦᠭᠡᠮᠡᠯ ᠬᠠᠶᠢᠷ᠎ᠠ ᠶᠢᠨ ᠬᠡᠷᠡᠯ ᠢ ᠨᠠᠩ ᠣᠯᠠᠨ ᠬᠦᠴᠢᠷᠳᠡᠯᠲᠡᠶ ᠬᠡᠷ ᠪᠦᠯᠢ ᠳᠤ ᠳᠤᠯᠠᠭᠠᠴᠠᠭᠤᠯᠵᠤ᠂ ᠨᠠᠩ ᠣᠯᠠᠨ ᠰᠤᠷᠤᠭᠴᠢᠳ ᠤᠨ ᠤᠷᠤᠭᠰᠢᠯᠠᠯᠲᠠ ᠶᠢᠨ ᠵᠠᠮ ᠢ ᠭᠡᠷᠡᠯᠲᠦᠭᠦᠯᠬᠦ ᠪᠠᠷ ᠪᠠᠶᠢᠨ᠎ᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2