ᠥᠷᠭᠡᠨ ᠣᠯᠠᠨ ᠠᠷᠠᠳ ᠲᠦᠮᠡᠨ ᠤ ᠬᠠᠤᠯᠢ ᠲᠦᠷᠢᠮ ᠤᠨ ᠦᠵᠡᠯᠲᠡ ᠶᠢ ᠳᠡᠭᠡᠭᠰᠢᠯᠡᠭᠦᠯᠵᠦ᠂ ᠬᠠᠤᠯᠢ ᠴᠠᠭᠠᠵᠠ ᠶᠢ | ᠬᠡᠷᠡᠭᠯᠡᠨ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠴᠢᠳᠠᠪᠤᠷᠢ ᠪᠠᠨ ᠴᠢᠩᠭᠠᠳᠬᠠᠬᠤ ᠶᠢᠨ | ᠲᠥᠯᠥᠭᠡ᠂ 12 ᠰᠠᠷ᠎ᠠ ᠶᠢᠨ 4 ᠤ ᠡᠳᠦᠷ᠂ ᠮᠠᠨ ᠤ ᠰᠢᠶᠠᠨ ︽12 · 4︾ ᠤ ᠦᠨᠳᠦᠰᠦᠨ ᠬᠠᠤᠯᠢ ᠶᠢᠨ | ᠤᠬᠠᠭᠤᠯᠭ᠎ᠠ ᠶᠢᠨ ᠡᠳᠦᠷ ᠵᠢᠴᠢ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠵᠠᠩ ᠰᠢᠶᠣᠤ ᠯᠢᠩ᠂ ᠰᠢᠶᠠᠨ ᠤ ᠡᠯ᠎ᠡ ᠬᠠᠤᠯᠢ ᠲᠦᠭᠡᠮᠡᠯᠵᠢᠭᠦᠯᠬᠦ ᠪᠦᠷᠢᠯᠳᠦᠬᠦᠨ ᠨᠢᠭᠡᠴᠡ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠨᠢᠭᠡᠴᠡ᠂ ᠬᠠᠤᠯᠢ ᠲᠦᠭᠡᠮᠡᠯᠵᠢᠭᠦᠯᠬᠦ ᠰᠠᠶᠢᠨ ᠳᠤᠷᠠᠴᠤᠳ᠂ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠠᠵᠢᠯᠯᠠᠭ᠎ᠠ ᠳᠤ ᠣᠷᠣᠯᠴᠠᠪᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠨ ᠦᠵᠡᠭᠦᠯᠬᠦ᠂ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠨᠢᠭᠤᠷᠳᠠᠨ ᠬᠠᠷᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠥᠷᠭᠡᠨ | ᠤᠯᠠᠨ ᠲᠦᠮᠡᠨ ᠳᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠤᠯᠠᠨ ᠲᠦᠮᠡᠨ ᠳᠤ ᠦᠨᠳᠦᠰᠦᠨ ᠬᠠᠤᠯᠢ ᠶᠢᠨ | ᠮᠡᠳᠡᠯᠭᠡ ᠶᠢ ᠲᠠᠶᠢᠯᠪᠤᠷᠢᠯᠠᠬᠤ ᠶᠢᠨ ᠬᠠᠮᠲᠤ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠤ ᠠᠰᠠᠭᠤᠨ ᠯᠠᠪᠯᠠᠭ᠎ᠠ ᠳᠤ ᠨᠢᠭᠡᠳ | ᠨᠢᠭᠡ ᠪᠠᠷ ᠨᠠᠷᠢᠨ ᠬᠢᠨᠠᠮᠠᠭᠠᠢ ᠬᠠᠷᠢᠭᠤᠯᠲᠠ ᠥᠭᠪᠡ᠃ ᠥᠷᠭᠡᠨ ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠪᠠ | ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠬᠠᠤᠯᠢ ᠶᠢ ᠬᠦᠨᠳᠦᠳᠬᠡᠬᠦ | ᠵᠣᠷᠢᠭ ᠰᠠᠨᠠᠭ᠎ᠠ ᠶᠢ ᠪᠣᠶ ᠪᠣᠯᠭᠠᠵᠤ᠂ ᠬᠠᠤᠯᠢ ᠪᠠᠷ ᠵᠠᠰᠠᠬᠤ ᠢᠲᠡᠭᠡᠯ ᠪᠢᠰᠢᠷᠡᠯ ᠢ ᠪᠠᠲᠤᠳᠬᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠵᠤ᠂ ᠬᠠᠤᠯᠢ ᠪᠠᠷ ᠵᠠᠰᠠᠬᠤ ᠱᠠᠩᠳᠤ ᠶᠢ ᠪᠥᠲᠥᠭᠡᠨ ᠪᠠᠶᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ | ᠠᠭᠤᠷ ᠠᠮᠢᠰᠬᠤᠯ ᠢ ᠪᠣᠶ ᠪᠣᠯᠭᠠᠪᠠ᠃ | |