ᠣᠶᠢᠷ᠎ᠠ ᠶᠢᠨ ᠵᠢᠯ ᠠᠴᠠ᠂ ᠱᠠᠩᠳᠤ ᠰᠢᠶᠠᠨ ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢ ᠪᠥᠬᠦ ᠬᠦᠴᠦᠨ ᠢᠶᠠᠷ ᠢᠶᠠᠨ | ᠠᠬᠢᠭᠤᠯᠵᠤ᠂ ᠪᠥᠬᠦ ᠰᠢᠶᠠᠨ ᠳᠤ ᠨᠡᠶᠢᠲᠡ 242 ᠰᠢᠶᠠᠩ᠂ ᠲᠣᠰᠬᠤᠨ ᠬᠤᠶᠠᠷ ᠱᠠᠲᠤᠨ ᠤ ᠠᠷᠠᠳ ᠲᠤ ᠲᠥᠬᠦᠮ | ᠦᠵᠡᠭᠦᠯᠬᠦ ᠤᠶᠢᠯᠡᠴᠢᠯᠡᠭᠡᠨ ᠤ ᠲᠥᠪ ᠢ ᠪᠠᠶᠢᠭᠤᠯᠵᠤ᠂ ᠦᠨᠳᠦᠰᠦᠨ ᠱᠠᠲᠤᠨ ᠤ ᠣᠯᠠᠨ ᠲᠦᠮᠡᠨ ᠳᠤ ᠳᠥᠭᠦᠮ ᠳᠥᠲᠡ᠂ | ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠤᠶᠢᠯᠡᠴᠢᠯᠡᠭᠡ ᠬᠠᠩᠭᠠᠵᠤ᠂ ᠠᠷᠠᠳ ᠲᠤ ᠲᠥᠬᠦᠮ ᠦᠵᠡᠭᠦᠯᠬᠦ | ᠤᠶᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠳ᠋ᠷ︾ ᠢ ᠦᠨᠡᠨ ᠬᠦ ᠨᠡᠪᠲᠡᠷᠡᠭᠦᠯᠪᠡ᠃ | ᠱᠠᠩᠳᠤ ᠰᠢᠶᠠᠨ ᠤ ᠱᠢ ᠪᠠ ᠴᠢᠩ ᠪᠠᠯᠭᠠᠰᠤᠨ ᠤ ᠬᠠᠨ ᠨᠦᠸᠧ ᠫᠦ᠋ ᠲᠣᠰᠬᠤᠨ ᠤ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠲᠥᠪ ᠲᠤ ᠬᠦᠷᠴᠦ᠂ ᠥᠷᠭᠡᠨ ᠠᠭᠤᠳᠠᠮ ᠬᠡᠷᠡᠭ ᠡᠷᠭᠢᠯᠡᠬᠦ ᠲᠢᠩᠬᠢᠮ᠂ ᠲᠡᠷᠢ ᠲᠡᠭᠰᠢ ᠴᠣᠩᠬᠤ ᠶᠢᠨ | ᠪᠠᠶᠢᠷᠢᠯᠠᠭᠤᠯᠤᠯᠲᠠ ᠨᠢ ᠬᠥᠮᠦᠰ ᠤᠨ ᠠᠩᠬᠠᠷᠤᠯ ᠢ ᠰᠢᠨ᠎ᠡ ᠪᠤᠯᠭᠠᠪᠠ᠃ ᠲᠣᠰᠬᠤᠨ ᠤ ᠠᠷᠠᠳ ᠵᠥᠪᠬᠡᠨ ᠬᠤᠯᠪᠣᠭᠳᠠᠯ ᠪᠦᠬᠦᠢ | ᠦᠨᠡᠮᠯᠡᠯ ᠢᠶᠠᠨ ᠠᠪᠴᠤ ᠶᠠᠪᠪᠠᠯ ᠳᠠᠷᠤᠶ ᠠᠳᠡ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ | ᠦᠷᠡᠵᠢᠯ᠂ ᠭᠠᠵᠠᠷ ᠰᠢᠷᠣᠶ ᠶᠢ ᠬᠢᠨᠠᠨ ᠵᠥᠪᠰᠢᠶᠡᠷᠡᠬᠦ ᠵᠡᠷᠭᠡ ᠶᠢ ᠪᠠᠭᠲᠠᠭᠠᠭᠰᠠᠨ ᠣᠯᠠᠨ ᠵᠦᠢᠯ ᠤᠨ ᠲᠤᠬᠠᠶᠢᠯᠠᠭᠰᠠᠨ ᠠᠵᠢᠯ ᠢ | ᠭᠦᠢᠴᠡᠳᠬᠡᠵᠦ ᠪᠣᠯᠤᠨ᠎ᠠ᠃ ᠠᠵᠢᠯᠲᠠᠳ ᠤᠴᠢᠷ ᠶᠠᠪᠤᠳᠠᠯ ᠰᠢᠢᠳᠪᠦᠷᠢᠯᠡᠬᠦ ᠪᠠᠷ ᠢᠷᠡᠭᠰᠡᠨ ᠲᠣᠰᠬᠤᠨ ᠤ ᠠᠷᠠᠳ ᠢ | ᠬᠠᠯᠠᠭᠤᠨ ᠢᠶᠠᠷ ᠬᠦᠯᠢᠶᠡᠨ ᠠᠪᠴᠤ᠂ ᠲᠣᠰᠬᠤᠨ ᠤ ᠠᠷᠠᠳ ᠤᠨ ᠮᠠᠳᠠᠭ ᠲᠠᠢ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠵᠤ | ᠂ ᠲᠡᠳᠡᠨ ᠢ ᠬᠠᠪᠰᠤᠷᠤᠨ ᠲᠤᠬᠠᠶᠢᠯᠠᠭᠰᠠᠨ ᠠᠵᠢᠯ ᠢ ᠨᠢ ᠭᠦᠢᠴᠡᠳᠭᠡᠪᠡ᠃ | ᠥᠩᠭᠡᠷᠡᠭᠰᠡᠨ ᠳᠤ ᠡᠳᠡᠭᠡᠷ ᠭᠠᠷᠳᠠᠮ ᠢ ᠭᠦᠢᠴᠡᠳᠬᠡᠬᠦ ᠳᠡᠭᠡᠨ ᠪᠠᠯᠭᠠᠰᠤ ᠪᠤᠶᠤ ᠰᠢᠶᠠᠨ ᠳᠤ ᠣᠴᠢᠵᠤ᠂ ᠨᠠᠰᠢ ᠴᠠᠰᠢ | ᠶᠠᠪᠤᠬᠤ ᠨᠢ ᠳᠡᠭᠡᠷ᠎ᠡ ᠨᠢᠭᠡ ᠡᠳᠦᠷ ᠤᠨ ᠴᠠᠭ ᠢ ᠵᠠᠷᠤᠴᠠᠭᠤᠯᠵᠤ᠂ ᠲᠦᠢᠯ ᠤᠨ ᠳᠥᠭᠦᠮ ᠦᠭᠡᠢ ᠪᠣᠯᠵᠠᠢ᠂ ᠤᠳᠤ ᠰᠠᠶᠢᠨ | ᠪᠣᠯᠵᠠᠢ᠂ ᠲᠣᠰᠬᠤᠨ ᠳᠤ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠥᠪ ᠲᠠᠢ ᠪᠣᠯᠵᠠᠢ᠂ ᠪᠢᠳᠡ ᠠᠵᠢᠯ | ᠶᠠᠪᠤᠳᠠᠯ ᠭᠦᠢᠴᠡᠳᠬᠡᠬᠦ ᠳᠤ ᠳᠥᠭᠦᠮ ᠪᠣᠯᠵᠠᠢ᠃ | ᠬᠠᠨ ᠨᠦᠸᠧ ᠪᠦᠦ ᠲᠣᠰᠬᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠪᠠᠰᠠ ᠦᠢᠯᠡᠴᠢᠯᠡᠭᠡᠨ ᠤ | ᠵᠠᠭᠪᠤᠷ ᠤᠨ ᠰᠢᠨ᠎ᠡ ᠶᠢ ᠡᠭᠦᠳᠬᠦ ᠶᠢ ᠢᠳᠡᠪᠬᠢᠲᠡᠶ ᠰᠦᠪᠡᠭᠴᠢᠯᠡᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ | ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠲᠣᠰᠬᠤᠨ ᠤ ᠳᠣᠲᠣᠷᠠᠬᠢ ᠨᠠᠰᠤᠲᠠᠶᠢᠴᠤᠳ ᠤᠨ ᠤᠴᠢᠷ ᠶᠠᠪᠤᠳᠠᠯ ᠰᠢᠢᠳᠪᠦᠷᠢᠯᠡᠬᠦ ᠳᠤ ᠳᠥᠭᠦᠮ ᠦᠵᠡᠭᠦᠯᠬᠦ ᠶᠢᠨ | ᠲᠥᠯᠥᠭᠡ᠂ ᠮᠠᠨ ᠤ ᠺᠠᠳ᠋ᠷ ᠭᠡᠷ ᠲᠤᠨᠢ ᠬᠦᠷᠴᠦ ᠦᠢᠯᠡᠴᠢᠯᠡᠵᠦ᠂ ᠲᠣᠰᠬᠤᠨ ᠤ ᠠᠷᠠᠳ ᠤᠨ ᠣᠨ ᠤ ᠪᠠᠶᠢᠴᠠᠭᠠᠯᠲᠠ᠂ | ᠰᠠᠷ᠎ᠠ ᠶᠢᠨ ᠪᠠᠶᠢᠴᠠᠭᠠᠯᠲᠠ ᠬᠢᠪᠡ᠃ ᠪᠢᠳᠡ ᠪᠠᠰᠠ ᠲᠣᠰᠬᠤᠨ ᠤ ᠱᠠᠲᠤᠨ ᠤ ᠸᠢᠴᠠᠲ ᠤᠨ ᠬᠤᠯᠪᠤᠭ᠎ᠠ ᠪᠠᠶᠢᠭᠤᠯᠵᠤ᠂ | ᠸᠢᠴᠠᠲ ᠤᠨ ᠲᠠᠪᠴᠠᠩ ᠢᠶᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠪᠠ ᠠᠵᠢᠯ ᠶᠠᠪᠤᠳᠠᠯ | ᠭᠦᠢᠴᠡᠳᠭᠡᠬᠦ ᠵᠦᠭᠯᠡᠭᠦᠷ ᠢ ᠨᠡᠶᠢᠲᠡᠯᠡᠵᠦ᠂ ᠲᠣᠰᠬᠤᠨ ᠤ ᠠᠷᠠᠳ ᠲᠤ ᠲᠥᠷᠥ ᠶᠢᠨ ᠪᠣᠳᠣᠯᠭ᠎ᠠ ᠶᠢᠨ ᠬᠥᠳᠡᠯᠦᠯ ᠪᠠᠶᠢᠳᠠᠯ ᠪᠠ | ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠴᠠᠭ ᠢᠮᠠᠭᠲᠠ ᠣᠶᠢᠯᠠᠭᠠᠭᠤᠯᠪᠠ᠃ | ᠬᠠᠨ ᠨᠦᠸᠧ ᠪᠦᠦ ᠲᠣᠰᠬᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠤᠨ ᠠᠮᠵᠢᠯᠲᠠ ᠲᠠᠢ | ᠦᠢᠯᠡᠳᠦᠯᠭᠡ᠂ ᠵᠥᠪᠬᠡᠨ ᠱᠠᠩᠳᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢᠨ ᠬᠤᠷᠢᠶᠠᠩᠭᠤᠶ ᠳᠦᠷᠰᠦ ᠲᠡᠳᠦᠶ ᠶᠤᠮ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ | ᠱᠠᠲᠤᠨ ᠳᠤ ᠦᠨᠡᠨ ᠬᠦ ᠪᠠᠭᠤᠯᠭᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠱᠠᠩᠳᠤ ᠰᠢᠶᠠᠨ ᠶᠡᠭᠡ ᠬᠡᠮᠵᠢᠶᠡᠨ ᠤ ᠡᠬᠢ | ᠪᠠᠶᠠᠯᠢᠭ ᠣᠷᠣᠭᠤᠯᠵᠤ᠂ ᠡᠯ᠎ᠡ ᠱᠠᠲᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠲᠤ | ᠪᠠᠷᠢᠮᠵᠢᠶᠠᠵᠢᠭᠤᠯᠤᠨ᠂ ᠵᠢᠷᠤᠮᠵᠢᠭᠤᠯᠬᠤ ᠪᠠᠶᠢᠭᠤᠯᠤᠯᠲᠠ ᠬᠢᠵᠡᠶ᠃ ᠰᠦᠯᠵᠢᠶᠡᠨ ᠭᠠᠳᠠᠨᠠᠬᠢ ᠠᠷᠠᠳ ᠲᠤ ᠲᠥᠬᠦᠮ ᠦᠵᠡᠭᠦᠯᠬᠦ | ᠦᠶ᠋ᠯᠡᠴᠢᠯᠡᠭᠡᠨ ᠤ ᠲᠥᠪ ᠠᠴᠠ ᠭᠠᠳᠠᠨ᠎ᠠ᠂ ᠱᠠᠩᠳᠤ ᠰᠢᠶᠠᠨ ᠪᠠᠰᠠ ᠰᠦᠯᠵᠢᠶᠡᠨ ᠳᠡᠭᠡᠷᠡᠬᠢ ᠲᠠᠪᠴᠠᠩ ᠳᠤ ᠵᠠᠰᠠᠭ ᠤᠨ | ᠶᠠᠪᠤᠳᠠᠯ ᠤᠨ ᠦᠶ᠋ᠯᠡᠴᠢᠯᠡᠭᠡᠨ ᠤ ᠰᠢᠭᠤᠳ ᠨᠡᠪᠲᠡᠷᠡᠭᠦᠯᠭᠡ ᠶᠢᠨ ᠲᠠᠰᠤᠭ ᠭᠠᠷᠭᠠᠵᠤ᠂ ᠰᠦᠯᠵᠢᠶᠡᠨ ᠳᠡᠭᠡᠷ᠎ᠡ ᠠᠵᠢᠯ ᠶᠠᠪᠤᠳᠠᠯ | ᠭᠦᠶ᠋ᠴᠡᠳᠬᠡᠬᠦ ᠣᠯᠠᠨ ᠲᠦᠮᠡᠨ ᠤ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠴᠦ᠂ ᠨᠠᠩ ᠳᠥᠭᠦᠮ ᠳᠥᠲᠡ᠂ ᠥᠨᠳᠥᠷ | ᠪᠦᠲᠦᠮᠵᠢᠲᠡᠶ ᠵᠠᠰᠠᠭ ᠤᠨ ᠶᠠᠪᠤᠳᠠᠯ ᠤᠨ ᠦᠶ᠋ᠯᠡᠴᠢᠯᠡᠭᠡ ᠬᠠᠩᠭᠠᠪᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠶᠢᠨ ᠲᠥᠯᠥᠭᠡ᠂ ᠲᠤᠬᠠᠶᠢᠯᠠᠭᠰᠠᠨ ᠠᠵᠢᠯ ᠤᠨ ᠪᠣᠳᠠᠲᠠᠶ ᠠᠵᠢᠯᠯᠠᠭᠠᠨ ᠤ ᠵᠢᠯᠣᠭᠤᠳᠣᠯᠭ᠎ᠠ ᠥᠷᠨᠢᠭᠦᠯᠦᠨ᠂ | ᠦᠨᠳᠦᠰᠦᠨ ᠱᠠᠲᠤᠨ ᠤ ᠬᠠᠪᠰᠤᠷᠤᠨ ᠭᠦᠢᠴᠡᠳᠭᠡᠬᠦ᠂ ᠣᠷᠣᠯᠠᠨ ᠭᠦᠢᠴᠡᠳᠭᠡᠬᠦ ᠠᠵᠢᠯᠲᠠᠨ ᠤ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠢ ᠴᠢᠩᠭᠠᠷᠠᠭᠤᠯᠵᠤ᠂ ᠲᠡᠳᠡᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠲᠣ ᠪᠣᠯᠲᠠᠯ᠎ᠠ᠂ ᠨᠡᠶᠢᠲᠡ 190 ᠭᠠᠷᠤᠶ ᠬᠥᠮᠦᠨ ᠤᠳᠠᠭ᠎ᠠ ᠲᠣᠮᠢᠯᠠᠵᠤ᠂ | ᠪᠣᠯᠪᠠᠰᠤᠷᠠᠭᠤᠯᠤᠯ ᠤᠨ ᠪᠦᠷᠬᠦᠴᠡ ᠶᠢᠨ ᠨᠣᠷᠮ᠎ᠠ 78.5% ᠳᠤ ᠬᠦᠷᠴᠦ᠂ ᠰᠢᠶᠠᠩ ᠪᠠᠯᠭᠠᠰᠤᠨ ᠤ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠥᠪ ᠪᠠ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠥᠷᠲᠡᠭᠡ ᠶᠢᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠪᠡ᠃ | ᠱᠠᠩᠳᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠶᠠᠨ ᠰᠢᠶᠠᠩ ᠲᠣᠰᠬᠤᠨ ᠢ ᠪᠦᠬᠦᠨ ᠢ ᠬᠠᠮᠤᠷᠬᠤ | ᠠᠷᠭ᠎ᠠ ᠬᠡᠮᠵᠢᠶ᠎ᠡ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ | ᠪᠠᠷᠠᠬᠤ ᠥᠬᠡᠶ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠨᠠᠩ ᠨᠡᠮᠡᠭᠳᠡᠭᠦᠯᠦᠭᠰᠡᠨ | ᠪᠠᠶᠢᠨ᠎ᠠ᠃ ᠵᠠᠯᠭᠠᠭᠠᠳ᠂ ᠱᠠᠩᠳᠤ ᠰᠢᠶᠠᠨ ᠦᠶ᠋ᠯᠡᠴᠢᠯᠡᠭᠡᠨ ᠤ ᠵᠠᠭᠪᠤᠷ ᠲᠤ ᠲᠠᠰᠤᠷᠠᠯᠲᠠ ᠥᠬᠡᠶ ᠰᠢᠨ᠎ᠡ ᠶᠢ ᠡᠭᠦᠳᠴᠦ᠂ | ᠨᠠᠩ ᠳᠥᠭᠦᠮ ᠳᠥᠲᠡ᠂ ᠥᠨᠳᠥᠷ ᠪᠦᠲᠦᠮᠵᠢᠲᠡᠶ᠂ ᠬᠠᠯᠠᠭᠤᠨ ᠳᠤᠯᠠᠭᠠᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ | ᠣᠷᠴᠢᠨ ᠲᠣᠭᠤᠷᠢᠨ ᠢ ᠴᠢᠷᠮᠠᠶᠢᠨ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡ ᠶᠢ ᠠᠷᠠᠳ ᠤᠨ ᠰᠡᠳᠬᠢᠯ ᠳᠤ | ᠨᠠᠩ ᠣᠶᠢᠷᠠᠲᠤᠭᠤᠯᠵᠤ᠂ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ ᠭᠡᠪᠡ᠃ |