ᠱᠠᠩᠳᠤ ᠰᠢᠶᠠᠨ ᠤ ᠴᠣᠭᠤᠷ ᠨᠣᠭᠤᠭ᠎ᠠ
ᠨᠡᠶᠢᠲᠡᠯᠡᠭᠰᠡᠨ ᠴᠠᠭ᠄
2024/3/17
 ᠱᠠᠩᠳᠤ ᠰᠢᠶᠠᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠳᠤ ᠬᠠᠷᠢᠶᠠᠯᠠᠭᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ᠂ ᠤᠯᠠᠭᠠᠨᠴᠠᠪ ᠬᠤᠲᠠ ᠶᠢᠨ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ ᠳᠤᠮᠳᠠ ᠳᠤᠯᠠᠭᠠᠨ ᠪᠦᠰᠡ ᠶᠢᠨ ᠡᠬᠡ ᠬᠠᠭᠤᠷᠠᠶ ᠶᠢᠨ ᠴᠢᠨᠠᠷᠲᠠᠶ ᠤᠯᠠᠷᠢᠯ ᠤᠨ ᠰᠠᠯᠬᠢᠨ ᠤ ᠠᠭᠤᠷ ᠠᠮᠢᠰᠬᠤᠯ ᠪᠣᠯᠤᠨ᠎ᠠ᠃ ᠪᠥᠬᠦ ᠰᠢᠶᠠᠨ ᠤ ᠶᠡᠷᠦᠩᠬᠡᠶ ᠲᠠᠯᠠᠪᠠᠶ ᠨᠢ 4353 ᠲᠡᠭᠰᠢ ᠳᠥᠷᠪᠡᠯᠵᠢᠨ ᠺᠢᠯᠣᠮᠧᠳ᠋ᠷ ᠪᠠᠶᠢᠵᠤ᠂ ᠤᠯᠠᠭᠠᠨᠴᠠᠪ ᠬᠤᠲᠠ ᠶᠢᠨ ᠬᠠᠮᠤᠭ ᠤᠨ ᠲᠣᠮᠣ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠢᠶᠠᠨ ᠪᠠᠶᠢᠵᠤ᠂ ︽ᠥᠪᠥᠷ ᠮᠣᠩᠭᠤᠯ ᠤᠨ ᠴᠣᠭᠤᠷ ᠨᠣᠭᠤᠭ᠎ᠠ ᠨᠢᠭᠡᠳᠦᠭᠡᠷ ᠲᠣᠰᠬᠤᠨ︾ ᠭᠡᠵᠦ ᠠᠯᠳᠠᠷᠰᠢᠭᠰᠠᠨ ᠪᠠᠶᠢᠨ᠎ᠠ᠃
   ᠴᠣᠭᠤᠷ ᠨᠣᠭᠤᠭ᠎ᠠ ᠪᠠᠰᠠ ᠶᠠᠩ ᠴᠢᠨ᠂ ᠮᠧᠢ ᠴᠢᠨ ᠭᠡᠳᠡᠭ᠂ ᠧᠦ᠋ᠷᠣᠫᠠ ᠲᠢᠪ ᠠᠴᠠ ᠣᠷᠣᠭᠤᠯᠤᠭᠰᠠᠨ ᠴᠤᠭᠤᠷ ᠨᠣᠭᠤᠭ᠎ᠠ ᠶᠢᠨ ᠲᠥᠷᠥᠯ ᠵᠦᠢᠯ ᠪᠠᠢᠵᠤ᠂ ᠰᠠᠭᠤᠷᠢ ᠨᠢ ᠨᠢᠭᠲᠠ᠂ ᠨᠠᠪᠴᠢᠨ ᠤ ᠡᠰᠢ ᠨᠢ ᠥᠷᠭᠡᠨ᠂ ᠪᠣᠳᠠᠲᠠᠢ ᠶᠤᠮ᠃ ᠵᠥᠭᠡᠯᠡᠨ ᠪᠥᠭᠡᠳ ᠦᠨᠦᠷ ᠲᠠᠢ᠂ ᠰᠢᠷ᠎ᠠ ᠥᠩᠭᠡ ᠶᠢᠨ ᠳᠦᠷᠰᠦ᠂ ᠨᠣᠭᠤᠭᠠᠨ ᠳᠦᠷᠰᠦ᠂ ᠬᠤᠯᠢᠮᠠᠭ ᠥᠩᠭᠡ ᠶᠢᠨ ᠰᠦᠷᠦᠭ ᠭᠡᠵᠦ ᠭᠤᠷᠪᠠᠨ ᠵᠦᠢᠯ ᠬᠤᠪᠢᠶᠠᠳᠠᠭ᠃
   ᠱᠠᠩᠳᠤ ᠰᠢᠶᠠᠨ ᠤ ᠴᠣᠭᠤᠷ ᠨᠣᠭᠤᠭ᠎ᠠ ᠳᠠᠷᠢᠬᠤ ᠭᠠᠵᠠᠷ ᠣᠷᠣᠨ ᠤ ᠬᠡᠪᠴᠢᠶ᠎ᠡ᠄ ᠱᠠᠩᠳᠤ ᠰᠢᠶᠠᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠳᠤ ᠬᠠᠷᠢᠶᠠᠯᠠᠭᠳᠠᠵᠤ᠂ ᠤᠯᠠᠭᠠᠨᠴᠠᠪ ᠬᠤᠲᠠ ᠶᠢᠨ ᠬᠠᠮᠤᠭ ᠤᠨ ᠲᠣᠮᠣ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠢᠶᠠᠨ ᠪᠠᠶᠢᠵᠤ᠂ ᠱᠠᠩᠳᠤ ᠰᠢᠶᠠᠨ ᠤ ᠰᠢᠶᠤᠤ ᠬᠠᠢ ᠽᠢ ᠪᠠᠯᠭᠠᠰᠤ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠭᠤᠷ ᠨᠣᠭᠤᠭ᠎ᠠ ᠨᠢᠭᠡᠳᠦᠭᠡᠷ ᠪᠠᠯᠭᠠᠰᠤ︾ ᠪᠠᠷ ᠦᠨᠡᠯᠡᠭᠳᠡᠵᠦ᠂ ᠭᠠᠵᠠᠷ ᠵᠦᠶ ᠶᠢᠨ ᠪᠠᠶᠢᠷᠢᠰᠢᠯ ᠨᠢ ᠵᠡᠭᠦᠨ ᠳ᠋ᠢᠶᠠᠮᠧᠳ᠋ᠷ ᠨᠢ 113°08'-114°15' ᠤᠨ ᠤᠮᠠᠷᠠᠲᠤ ᠥᠷᠭᠡᠷᠢᠭ ᠤᠨ 41°18'-42°29' ᠤᠨ ᠬᠤᠭᠤᠷᠣᠨᠳᠣ ᠪᠠᠶᠢᠳᠠᠭ᠃ ᠦᠪᠣᠷ ᠮᠣᠩᠭᠤᠯ ᠤᠨ ᠦᠪᠠᠷᠳᠠᠬᠡᠠ ᠵᠠᠰᠠᠬᠤ ᠤᠷᠣᠠ ᠶᠢᠨ ᠳᠤᠮᠳᠠ ᠭᠡᠰᠡᠭ᠂ ᠤᠯᠠᠭᠠᠠᠴᠠᠪ ᠡᠶᠢᠮᠠᠬ ᠤᠨ ᠵᠡᠭᠦᠨ ᠬᠤᠢᠲᠤ ᠭᠡᠰᠡᠭ ᠳᠤ ᠤᠷᠣᠰᠢᠵᠣ᠂ ᠱᠠᠩᠳᠤ ᠶᠢᠨ ᠴᠣᠭᠤᠷ ᠨᠣᠭᠤᠭ᠎ᠠ ᠬᠠᠮᠠᠭᠠᠯᠠᠯᠲᠠ ᠶᠢᠨ ᠭᠠᠵᠠᠷ ᠣᠷᠣᠨ ᠨᠢ ᠴᠢ ᠲᠠᠢ ᠪᠠᠯᠭᠠᠰᠤ᠂ ᠰᠢᠶᠣᠤ ᠬᠠᠢ ᠽᠢ ᠪᠠᠯᠭᠠᠰᠤ᠂ ᠱᠢ ᠪᠠ ᠴᠢᠩ ᠪᠠᠯᠭᠠᠰᠤ᠂ ᠳ᠋ᠠ ᠾᠧᠢ ᠱᠠ ᠲᠦ᠋ ᠪᠠᠯᠭᠠᠰᠤ᠂ ᠰᠢᠯ ᠬᠤᠣ ᠵᠢᠩ ᠰᠢᠶᠠᠩ᠂ ᠲᠦᠨ ᠺᠡᠨ ᠳ᠋ᠦᠢ ᠪᠠᠯᠭᠠᠰᠤ᠂ ᠰᠠᠨ ᠳ᠋ᠠ ᠴᠢᠩ ᠰᠢᠶᠠᠩ᠂ ᠮᠤᠤ ᠳ᠋ᠦ᠋ ᠰᠢᠶᠠᠩ ᠵᠡᠷᠭᠡ ᠨᠠᠢᠮᠠᠨ ᠰᠢᠶᠠᠩ ᠪᠠᠯᠭᠠᠰᠤ᠂ 52 ᠠᠶᠢᠯ ᠲᠣᠰᠬᠤᠨ ᠤ ᠬᠡᠪᠴᠢᠶᠡᠨ ᠳᠤ ᠲᠠᠷᠬᠠᠵᠤ᠂ ᠵᠢᠯ ᠤᠨ ᠭᠠᠷᠤᠯᠲᠠ ᠨᠢ 31 ᠲᠦᠮᠡᠨ ᠲᠣᠨ ᠪᠣᠯᠤᠨ᠎ᠠ᠃ᠣᠷᠴᠢᠭᠤᠯᠣᠭᠴᠢ᠄   ᠬᠠᠨᠠᠭᠠᠷ ᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2