ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶᠠᠨ ᠤ | ᠡᠯ᠎ᠡ ᠰᠠᠯᠠᠭ᠎ᠠ ᠮᠥᠴᠢᠷ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠳᠤ᠄ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠪᠦᠬᠦ ᠰᠢᠶᠠᠨ ᠤ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠂ | ᠬᠤᠲᠠ᠂ ᠰᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠡᠭᠦᠷᠭᠡ ᠶᠢᠨ ᠬᠤᠪᠢᠶᠠᠷᠢᠯᠠᠯ | ︵ᠨᠢᠭᠡ︶ ᠬᠠᠷᠠᠯᠲᠠ ᠶᠢᠨ ᠡᠭᠦᠷᠭᠡ | 2024 ᠣᠨ ᠳᠤ᠂ ᠪᠥᠬᠦ ᠰᠢᠶᠠᠨ ᠤ ᠡᠯ᠎ᠡ ᠡᠭᠦᠷᠭᠡ ᠶᠢᠨ ᠨᠢᠭᠡᠴᠡ ︵ᠰᠠᠯᠠᠭ᠎ᠠ ᠮᠥᠴᠢᠷ︶ ᠪᠥᠬᠦ ᠵᠢᠯ ᠳᠤ | ᠡᠯ᠎ᠡ ᠵᠦᠢᠯ ᠤᠨ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠪᠠ ᠠᠷᠭ᠎ᠠ ᠵᠠᠮ ᠢᠶᠠᠷ ᠳᠠᠮᠵᠢᠭᠤᠯᠤᠨ ᠬᠤᠳᠠᠯᠳᠤᠭᠠᠴᠢᠨ | ᠤᠷᠢᠬᠤ ᠲᠥᠷᠥᠯ ᠵᠦᠢᠯ ᠤᠨ ᠲᠤᠭ᠎ᠠ ᠶᠢ 75 ᠠᠴᠠ ᠳᠡᠭᠡᠭᠰᠢ ︵ᠲᠣᠰ ᠵᠦᠢᠯᠡᠰ ᠢ ᠵᠢᠯᠣᠭᠤᠳᠬᠤ ᠴᠢᠨᠠᠷᠲᠠᠶ | ᠬᠠᠷᠠᠯᠲᠠ︶ ᠪᠠᠷ ᠬᠦᠴᠦᠯᠡᠨ ᠴᠢᠷᠮᠠᠶᠢᠵᠤ᠂ ᠡᠭᠦᠨ ᠳᠤ ᠣᠷᠣᠨ ᠤ ᠭᠠᠳᠠᠨᠠᠬᠢ ᠲᠥᠷᠥᠯ ᠵᠦᠢᠯ ᠢ 45 ᠵᠦᠢᠯ ᠠᠴᠠ | ᠳᠡᠭᠡᠭᠰᠢ ᠲᠣᠭᠲᠠᠭᠠᠬᠤ ᠬᠡᠷᠡᠭᠲᠡᠶ︔ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢᠨ ᠲᠥᠷᠥᠯ ᠵᠦᠢᠯ ᠢ | ᠪᠣᠳᠠᠲᠠᠶᠢᠵᠢᠭᠤᠯᠬᠤ ᠪᠠᠯᠠ ᠮᠥᠩᠭᠦ ᠶᠢᠨ ᠬᠠᠷᠠᠯᠲᠠᠲᠤ ᠡᠭᠦᠷᠭᠡ ᠶᠢ 31 ᠳ᠋ᠦᠩᠰᠢᠭᠤᠷ ᠲᠥᠭᠦᠷᠢᠭ ᠠᠴᠠ ᠳᠡᠭᠡᠭᠰᠢ | ᠪᠠᠶᠢᠯᠭᠠᠵᠤ᠂ ᠨᠡᠮᠡᠭᠳᠡᠯ ᠤᠨ ᠬᠤᠷᠳᠤᠴᠠ ᠶᠢ 15% ᠠᠴᠠ ᠳᠡᠭᠡᠭᠰᠢ ᠪᠠᠶᠢᠯᠭᠠᠨ᠎ᠠ︔ ᠰᠢᠨ᠎ᠡ ᠪᠠᠷ ᠭᠡᠷ᠎ᠡ ᠲᠣᠭᠲᠠᠭᠰᠠᠨ | ᠲᠥᠷᠥᠯ ᠵᠦᠢᠯ ᠤᠨ ᠠᠵᠢᠯ ᠡᠬᠢᠯᠡᠭᠦᠯᠬᠦ ᠨᠣᠷᠮ᠎ᠠ ᠶᠢ 50% ᠠᠴᠠ ᠳᠡᠭᠡᠭᠰᠢ ᠪᠠᠶᠢᠯᠭᠠᠵᠤ᠂ ᠪᠠᠯᠠ ᠮᠥᠩᠭᠦ ᠶᠢ | ᠪᠣᠳᠠᠲᠠᠶᠢᠵᠢᠭᠤᠯᠬᠤ ᠨᠣᠷᠮ᠎ᠠ ᠶᠢ 35% ᠠᠴᠠ ᠳᠡᠭᠡᠭᠰᠢ ᠪᠠᠶᠢᠯᠭᠠᠨ᠎ᠠ︔ ᠭᠠᠳᠠᠭᠠᠳᠤ ᠪᠡᠯᠡ ᠶᠢ ᠬᠡᠷᠡᠭᠯᠡᠬᠦ ᠪᠣᠳᠠᠲᠠᠶ | ᠬᠠᠷᠠᠯᠲᠠ ᠶᠢᠨ ᠲᠤᠭ᠎ᠠ ᠶᠢ 3367 ᠲᠦᠮᠡᠨ ᠲᠥᠭᠦᠷᠢᠭ ᠠᠴᠠ ᠳᠡᠭᠡᠭᠰᠢ ᠪᠠᠶᠢᠯᠭᠠᠨ᠎ᠠ᠃ ᠡᠯᠰᠡᠭᠳᠡᠭᠰᠡᠨ ᠲᠥᠷᠥᠯ | ᠵᠦᠢᠯ ᠨᠢ ᠡᠷᠬᠡᠪᠰᠢ 500 ᠲᠦᠮᠡᠨ ᠲᠥᠭᠦᠷᠢᠭ ᠠᠴᠠ ᠳᠡᠭᠡᠭᠰᠢ ᠪᠠᠶᠢᠬᠤ ᠬᠡᠷᠡᠭᠲᠡᠶ ᠮᠥᠷᠲᠡᠭᠡᠨ ᠬᠤᠳᠠᠯᠳᠤᠭᠠᠴᠢᠨ | ᠤᠷᠢᠬᠤ ᠳᠤᠭᠤᠶᠢᠯᠠᠩ ᠨᠢᠭᠡᠪᠦᠷᠢ 3000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ ᠪᠡᠶᠡᠯᠡᠭᠦᠯᠪᠡᠯ | ᠡᠷᠬᠡᠪᠰᠢ ᠡᠭᠦᠷᠭᠡ ᠶᠢᠨ ᠲᠥᠷᠥᠯ ᠵᠦᠢᠯ ᠤᠨ ᠲᠤᠭ᠎ᠠ ᠶᠢᠨ ᠭᠤᠷᠪᠠᠨ ᠤ ᠬᠤᠶᠠᠷ ᠬᠤᠪᠢ ᠠᠴᠠ ᠳᠡᠭᠡᠭᠰᠢ ᠳᠤ | ᠬᠦᠷᠦᠭᠦᠯᠬᠦ ᠬᠡᠷᠡᠭᠲᠡᠶ᠃ | ︵ᠬᠤᠶᠠᠷ︶ ᠡᠭᠦᠷᠭᠡ ᠶᠢᠨ ᠵᠠᠳᠠᠯᠤᠯᠲᠠ | ᠤᠯᠠᠭᠠᠨᠴᠠᠪ ᠬᠤᠲᠠ ᠶᠢᠨ ᠱᠠᠩᠳᠤ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠡᠭᠦᠷᠭᠡ ᠶᠢᠨ ᠲᠤᠭ᠎ᠠ 10 ᠠᠴᠠ ᠳᠡᠭᠡᠭᠰᠢ ᠪᠠᠶᠢᠵᠤ᠂ ᠤᠯᠤᠰ ᠤᠨ | ᠳᠣᠲᠣᠭᠠᠳᠤ ︵ᠣᠷᠣᠨ ᠤ ᠭᠠᠳᠠᠨᠠᠬᠢ︶ ᠶᠢᠨ ᠲᠥᠷᠥᠯ ᠵᠦᠢᠯ ᠤᠨ ᠪᠠᠯᠠ ᠮᠥᠩᠭᠦ ᠶᠢᠨ ᠬᠠᠷᠠᠯᠲᠠ ᠶᠢᠨ ᠡᠭᠦᠷᠭᠡ 3. | 35 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠨ᠎ᠠ︔ ᠳᠥᠷᠪᠡᠨ ᠲᠤᠰᠬᠠᠶ ᠬᠤᠳᠠᠯᠳᠤᠭᠠᠴᠢᠨ ᠤᠷᠢᠬᠤ | ᠳᠤᠭᠤᠶᠢᠯᠠᠩ ᠤᠨ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠡᠭᠦᠷᠭᠡ ᠶᠢᠨ ᠲᠤᠭ᠎ᠠ ᠨᠡᠶᠢᠲᠡ 65 ᠠᠴᠠ | ᠳᠡᠭᠡᠭᠰᠢ ᠪᠠᠶᠢᠨ᠎ᠠ᠂ ᠡᠭᠦᠨ ᠳᠤ᠄ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ | ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠳᠤᠭᠤᠶᠢᠯᠠᠩ 16 ᠠᠴᠠ ᠳᠡᠭᠡᠭᠰᠢ᠂ | ᠲᠣᠨᠤᠭ ᠲᠥᠬᠦᠭᠡᠷᠦᠮᠵᠢ ᠦᠶ᠋ᠯᠡᠳᠬᠦ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠳᠤᠭᠤᠶᠢᠯᠠᠩ | 16 ᠠᠴᠠ ᠳᠡᠭᠡᠭᠰᠢ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢᠨ | ᠬᠤᠳᠠᠯᠳᠤᠭᠠᠴᠢᠨ ᠤᠷᠢᠬᠤ ᠳᠤᠭᠤᠶᠢᠯᠠᠩ 16 ᠠᠴᠠ ᠳᠡᠭᠡᠭᠰᠢ᠂ ᠶᠡᠷᠦᠩᠬᠡᠶᠢᠯᠡᠭᠰᠡᠨ ᠬᠤᠳᠠᠯᠳᠤᠭᠠᠴᠢᠨ ᠤᠷᠢᠬᠤ | ᠳᠤᠭᠤᠶᠢᠯᠠᠩ 17 ᠠᠴᠠ ᠳᠡᠭᠡᠭᠰᠢ ᠪᠠᠶᠢᠨ᠎ᠠ᠃ ᠡᠭᠦᠷᠭᠡ ᠶᠢ ᠤᠷᠤᠭᠰᠢᠲᠠᠶ ᠪᠡᠶᠡᠯᠡᠭᠦᠯᠬᠦ ᠶᠢ ᠦᠨᠡᠨ ᠬᠦ | ᠪᠠᠲᠤᠯᠠᠬᠤ ᠶᠢᠨ ᠲᠥᠯᠥᠭᠡ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠡᠭᠦᠷᠭᠡ ᠶᠢᠨ ᠲᠤᠭ᠎ᠠ ᠶᠢ ᠲᠣᠰ ᠲᠣᠰ 5 ᠠᠴᠠ | ᠳᠡᠭᠡᠭᠰᠢ ᠪᠠᠶᠢᠯᠭᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠬᠤᠳᠠᠯᠳᠤᠭᠠᠴᠢᠨ | ᠤᠷᠢᠬᠤ ᠲᠥᠷᠥᠯ ᠵᠦᠢᠯ ᠤᠨ ᠡᠭᠦᠷᠭᠡ ᠶᠢᠨ ᠲᠤᠭ᠎ᠠ ᠶᠢ ᠲᠣᠰ ᠲᠣᠰ 3 ᠠᠴᠠ ᠳᠡᠭᠡᠭᠰᠢ ᠪᠠᠶᠢᠯᠭᠠᠵᠤ᠂ ᠪᠤᠰᠤᠳ | ᠪᠦᠷᠢᠯᠳᠦᠬᠦᠨ ᠨᠢᠭᠡᠴᠡ ᠶᠢᠨ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠡᠭᠦᠷᠭᠡ ᠶᠢᠨ ᠲᠤᠭ᠎ᠠ ᠶᠢ ᠲᠣᠰ ᠲᠣᠰ | 1 ᠠᠴᠠ ᠳᠡᠭᠡᠭᠰᠢ ᠪᠠᠶᠢᠯᠭᠠᠨ᠎ᠠ᠃ ᠪᠣᠳᠠᠲᠠᠶ ᠪᠠᠶᠢᠳᠠᠯ ᠨᠢ ᠳᠣᠤᠷᠠᠬᠢ ᠮᠡᠲᠦ᠄ | 1. ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠠᠵᠤ | ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠯᠢ ᠶᠠ ᠳ᠋ᠦᠩ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ | ᠳᠤᠭᠤᠶᠢᠯᠠᠩ ᠤᠨ ᠳᠡᠳ᠋ ᠳᠠᠷᠤᠭ᠎ᠠ᠄ | ᠱᠢ ᠼᠦᠢ ᠴᠢᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ | ᠼᠤᠤ ᠵᠢᠶᠦ᠋ᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ | ᠵᠠᠩ ᠭᠤᠸᠠᠩ ᠰᠢᠶᠠᠨ ᠤ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ | ᠴᠢᠶᠣᠤ ᠷᠦᠢ ᠫᠢᠩ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠪᠦᠷᠢᠯᠳᠦᠭᠦᠨ ᠢ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠵᠣᠬᠢᠶᠠᠨ ᠪᠠᠶᠢᠭᠤᠯᠬᠤ | ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ | ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠢ ᠰᠢᠭᠤᠢ ᠨᠤᠲᠤᠭ | ᠪᠡᠯᠴᠢᠭᠡᠷ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ | ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠨᠠᠮ ᠤᠨ ᠰᠤᠷᠭᠠᠭᠤᠯᠢ᠂ ᠬᠠᠩᠭᠠᠨ | ᠪᠣᠷᠣᠯᠠᠭᠤᠯᠬᠤ ᠬᠤᠷᠰᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠂ ᠣᠷᠣᠨ | ᠰᠠᠭᠤᠴᠠ ᠶᠢᠨ ᠪᠠᠲᠤᠯᠠᠭ᠎ᠠ ᠶᠢᠨ ᠲᠥᠪ ᠤᠨ ᠡᠯ᠎ᠡ ᠨᠢᠭᠡᠴᠡ ︵ᠰᠠᠯᠠᠭ᠎ᠠ ᠮᠥᠴᠢᠷ︶ ᠠᠴᠠ ᠰᠣᠩᠭᠤᠨ ᠭᠠᠷᠭᠠᠨ᠎ᠠ᠃ | ᠲᠣᠰ ᠠᠵᠤ ᠦᠢᠯᠡᠰ ᠤᠨ ᠲᠥᠷᠥᠯ ᠤᠨ ᠬᠦᠷᠦᠯᠴᠡᠬᠦ ᠦᠭᠡᠢ ᠬᠡᠰᠡᠭ ᠢ ᠨᠢ ᠪᠤᠰᠤᠳ ᠠᠵᠤ ᠦᠢᠯᠡᠰ ᠤᠨ | ᠲᠥᠷᠥᠯ ᠵᠦᠢᠯ ᠤᠨ ᠨᠥᠬᠦᠪᠦᠷᠢ ᠶᠢ ᠣᠷᠣᠭᠤᠯᠵᠤ ᠪᠣᠯᠣᠨ᠎ᠠ᠃ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ | ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ 6.9 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ ᠪᠣᠳᠠᠲᠠᠶ | ᠬᠡᠷᠡᠭᠯᠡᠭᠰᠡᠨ ᠭᠠᠳᠠᠭᠠᠳᠤ ᠪᠡᠯᠡ ᠮᠥᠩᠭᠦ 825 ᠲᠦᠮᠡᠨ ᠲᠥᠭᠦᠷᠢᠭ ᠠᠴᠠ ᠳᠡᠭᠡᠭᠰᠢ ᠪᠠᠶᠢᠨ᠎ᠠ᠃ | 2. ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ | ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠵᠠᠩ ᠿᠢ ᠭᠤᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ | ᠴᠧᠨ ᠶᠠ ᠮᠢᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ | ︵ᠲᠦᠷ ᠬᠤᠭᠤᠰᠤᠨ︶ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ | ︵ᠲᠦᠷ ᠬᠤᠭᠤᠰᠤᠨ︶ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ | ᠼᠦᠢ ᡁᠢ ᠸᠧᠶ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠳᠠᠷᠤᠭ᠎ᠠ | ᠰᠢᠤᠸᠠᠢ ᠮᠧᠢ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠪᠦᠷᠢᠯᠳᠦᠬᠦᠨ ᠨᠢ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠰᠢᠶᠠᠨ ᠤ ᠨᠠᠮ ᠤᠨ | ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠤᠬᠠᠭᠤᠯᠬᠤ ᠬᠡᠯᠲᠡᠰ᠂ ᠨᠢᠭᠡᠳᠦᠮᠡᠯ | ᠹᠷᠣᠨᠲ ᠤᠨ ᠬᠡᠯᠲᠡᠰ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠴᠠᠬᠢᠯᠭᠠᠨ ᠬᠠᠩᠭᠠᠬᠤ ᠺᠣᠮᠫᠠᠨᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ | ᠬᠢᠨᠠᠨ ᠪᠤᠳᠤᠬᠤ ᠲᠣᠪᠴᠢᠶ᠎ᠠ᠂ ᠬᠥᠭᠵᠢᠯᠲᠡ ᠶᠢᠨ ᠰᠤᠳᠤᠯᠭᠠᠨ ᠤ ᠲᠥᠪ᠂ ᠤᠯᠠᠭ᠎ᠠ ᠥᠷᠲᠡᠭᠡ ᠤᠰᠤᠨ ᠤ | ᠶᠠᠪᠤᠳᠠᠯ ᠤᠨ ᠺᠣᠮᠫᠠᠨᠢ ᠶᠢᠨ ᠡᠯ᠎ᠡ ᠨᠢᠭᠡᠴᠡ ︵ᠰᠠᠯᠠᠭ᠎ᠠ ᠮᠥᠴᠢᠷ︶ ᠠᠴᠠ ᠳᠤᠭᠤᠶᠢᠯᠠᠩ | ᠲᠣᠰ ᠠᠵᠤ ᠦᠢᠯᠡᠰ ᠤᠨ ᠲᠥᠷᠥᠯ ᠤᠨ ᠬᠦᠷᠦᠯᠴᠡᠬᠦ ᠦᠭᠡᠢ ᠬᠡᠰᠡᠭ ᠢ ᠨᠢ ᠪᠤᠰᠤᠳ ᠠᠵᠤ ᠦᠢᠯᠡᠰ ᠤᠨ | ᠲᠥᠷᠥᠯ ᠵᠦᠢᠯ ᠤᠨ ᠨᠥᠬᠦᠪᠦᠷᠢ ᠶᠢ ᠣᠷᠣᠭᠤᠯᠵᠤ ᠪᠣᠯᠣᠨ᠎ᠠ᠃ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ | ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ 6.9 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ ᠪᠣᠳᠠᠲᠠᠶ | ᠬᠡᠷᠡᠭᠯᠡᠭᠰᠡᠨ ᠭᠠᠳᠠᠭᠠᠳᠤ ᠪᠡᠯᠡ ᠮᠥᠩᠭᠦ 892 ᠲᠦᠮᠡᠨ ᠲᠥᠭᠦᠷᠢᠭ ᠠᠴᠠ ᠳᠡᠭᠡᠭᠰᠢ ᠪᠠᠶᠢᠨ᠎ᠠ᠃ | 3. ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ | ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠰᠢᠶᠦ᠋ᠩ ᠸᠧᠶ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ | ᠮᠧᠩ ᠶᠦᠩ ᠴᠢᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ | ᠦ᠋ ᠴᠠᠩ ᠵᠢᠶᠦ᠋ᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ | ᠬᠦᠴᠦᠨ ᠤ ᠬᠡᠯᠲᠡᠰ ᠤᠨ ᠤᠯᠤᠰ ᠲᠦᠷᠦ ᠶᠢᠨ ᠭᠡᠰᠢᠭᠦᠨ | ᠸᠠᠩ ᠬᠤ᠋ ᠵᠢᠶᠦ᠋ᠨ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠯᠢᠦ ᠷᠦᠢ ᠰᠢᠶᠠᠨ ᠤ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ | ᠭᠡᠰᠢᠭᠦᠳ ᠨᠢ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠠᠴᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠵᠡᠪᠰᠡᠭᠲᠦ ᠬᠦᠴᠦᠨ ᠤ ᠬᠡᠯᠲᠡᠰ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠨ ᠪᠠᠶᠢᠴᠠᠭᠠᠬᠤ ᠠᠯᠪᠠᠨ ᠭᠡᠷ᠂ ᠳᠠᠩᠰᠠ | ᠡᠪᠬᠡᠮᠡᠯ ᠤᠨ ᠣᠷᠳᠣᠨ᠂ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠨᠤᠭᠤ ᠭᠠᠵᠠᠷ ᠤᠨ | ᠬᠠᠮᠠᠭᠠᠯᠠᠯᠲᠠ ᠶᠢᠨ ᠲᠥᠪ᠂ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠦᠢᠯᠡᠴᠢᠯᠡᠭᠡᠨ ᠤ ᠲᠥᠪ᠂ ᠬᠤᠩ ᠰᠢᠨ | ᠪᠡᠯᠡ ᠣᠷᠣᠭᠤᠯᠤᠯᠲᠠ ᠶᠢᠨ ᠺᠣᠮᠫᠠᠨᠢ᠂ ᠢ ᠲᠦᠩ ᠰᠣᠶᠣᠯ ᠵᠢᠭᠤᠯᠴᠢᠯᠠᠯ ᠤᠨ ᠺᠣᠮᠫᠠᠨᠢ᠂ ᠷᠦᠩ ᠳ᠋ᠠ ᠴᠧᠩ ᠪᠡᠯᠡ | ᠣᠷᠣᠭᠤᠯᠤᠯᠲᠠ ᠶᠢᠨ ᠺᠣᠮᠫᠠᠨᠢ ᠶᠢᠨ ᠡᠯ᠎ᠡ ᠨᠢᠭᠡᠴᠡ ︵ᠰᠠᠯᠠᠭ᠎ᠠ ᠮᠥᠴᠢᠷ︶ ᠳᠤᠭᠤᠶᠢᠯᠠᠩ ᠢᠶᠠᠷ ᠰᠣᠩᠭᠤᠨ᠎ᠠ᠃ | ᠲᠣᠰ ᠠᠵᠤ ᠦᠢᠯᠡᠰ ᠤᠨ ᠲᠥᠷᠥᠯ ᠤᠨ ᠬᠦᠷᠦᠯᠴᠡᠬᠦ ᠦᠭᠡᠢ ᠬᠡᠰᠡᠭ ᠢ ᠨᠢ ᠪᠤᠰᠤᠳ ᠠᠵᠤ ᠦᠢᠯᠡᠰ ᠤᠨ | ᠲᠥᠷᠥᠯ ᠵᠦᠢᠯ ᠤᠨ ᠨᠥᠬᠦᠪᠦᠷᠢ ᠶᠢ ᠣᠷᠣᠭᠤᠯᠵᠤ ᠪᠣᠯᠣᠨ᠎ᠠ᠃ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ | ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ 6.9 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ ᠪᠣᠳᠠᠲᠠᠶ | ᠬᠡᠷᠡᠭᠯᠡᠭᠰᠡᠨ ᠭᠠᠳᠠᠭᠠᠳᠤ ᠪᠡᠯᠡ ᠮᠥᠩᠭᠦ 825 ᠲᠦᠮᠡᠨ ᠲᠥᠭᠦᠷᠢᠭ ᠠᠴᠠ ᠳᠡᠭᠡᠭᠰᠢ ᠪᠠᠶᠢᠨ᠎ᠠ᠃ | 4. ᠶᠡᠷᠦᠩᠬᠡᠶᠢᠯᠡᠭᠰᠡᠨ ᠬᠤᠳᠠᠯᠳᠤᠭᠠᠴᠢᠨ ᠤᠷᠢᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠵᠠᠩ ᠰᠢᠨ ᠭᠦᠸᠧ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ | ᠸᠠᠩ ᠲᠢᠶᠠᠨ ᠢᠦᠶ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠳᠡᠳ᠋ ᠰᠢᠶᠠᠨ ᠤ ᠳᠠᠷᠤᠭ᠎ᠠ | ᠯᠠᠨ ᠷᠦᠢ ᠰᠢᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ | ᠸᠧᠶ ᠸᠧᠶ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠵᠣᠣ ᠭᠦᠸᠧ ᠸᠧᠨ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠪᠦᠷᠢᠯᠳᠦᠬᠦᠨ᠄ ᠭᠡᠰᠢᠭᠦᠳ ᠨᠢ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠤᠯᠤᠰ | ᠲᠥᠷᠥ ᠶᠢᠨ ᠵᠥᠪᠯᠡᠯᠭᠡᠨ ᠤ ᠠᠯᠪᠠᠨ ᠬᠡᠷ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠠᠵᠤ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠠᠵᠢᠯᠴᠢᠨ ᠤ ᠡᠪᠯᠡᠯ᠂ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ | ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ | ᠴᠡᠴᠡᠷᠯᠢᠭ ᠤᠨ ᠦᠢᠯᠡᠴᠢᠯᠡᠭᠡᠨ ᠤ ᠲᠥᠪ᠂ ᠬᠤᠲᠠ ᠪᠠᠯᠭᠠᠰᠤᠨ ᠤ ᠤᠰᠤᠨ ᠤ ᠡᠬᠢ ᠪᠠᠶᠠᠯᠢᠭ ᠤᠨ ᠦᠢᠯᠡᠴᠢᠯᠡᠭᠡᠨ ᠤ | ᠲᠥᠪ ᠤᠨ ᠡᠯ᠎ᠡ ᠨᠢᠭᠡᠴᠡ ︵ᠰᠠᠯᠠᠭ᠎ᠠ ᠮᠥᠴᠢᠷ︶ ᠠᠴᠠ ᠳᠤᠭᠤᠶᠢᠯᠠᠩ ᠬᠤᠪᠢᠶᠠᠨ ᠬᠠᠮᠢᠶᠠᠷᠤᠨ᠎ᠠ᠃ | ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ 6.95 | ᠳ᠋ᠦᠩᠰᠢᠭᠤᠷ ᠲᠥᠭᠦᠷᠢᠭ ᠠᠴᠠ ᠳᠡᠭᠡᠭᠰᠢ᠂ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ ᠮᠥᠩᠭᠦ 825 ᠲᠦᠮᠡᠨ | ᠲᠥᠭᠦᠷᠢᠭ ᠠᠴᠠ ᠳᠡᠭᠡᠭᠰᠢ᠃ | ᠡᠯ᠎ᠡ ᠬᠤᠳᠠᠯᠳᠤᠭᠠᠴᠢᠨ ᠤᠷᠢᠬᠤ ᠳᠤᠭᠤᠶᠢᠯᠠᠩ ᠤᠨ ᠪᠦᠷᠢᠯᠳᠦᠬᠦᠨ ᠨᠢ ᠳᠡᠭᠡᠷᠡᠬᠢ ᠳᠤᠭᠤᠶᠢᠯᠠᠩ ᠬᠤᠪᠢᠶᠠᠭᠰᠠᠨ | ᠨᠢᠭᠡᠴᠡ ︵ᠰᠠᠯᠠᠭ᠎ᠠ ᠮᠥᠴᠢᠷ︶ ᠢᠶᠠᠷ ᠬᠢᠵᠠᠭᠠᠷᠯᠠᠬᠤ ᠥᠬᠡᠶ᠂ ᠪᠠᠶᠢᠳᠠᠯ ᠢ ᠨᠢ ᠦᠵᠡᠵᠦ ᠪᠠᠶᠢᠭᠠᠳ ᠡᠯ᠎ᠡ ᠠᠵᠤ | ᠠᠬᠤᠶᠢᠯᠠᠯ ᠪᠠ ᠡᠯ᠎ᠡ ᠱᠠᠲᠤᠨ ᠤ ᠨᠢᠭᠡᠴᠡ ︵ᠰᠠᠯᠠᠭ᠎ᠠ ᠮᠥᠴᠢᠷ︶ ᠶᠢᠨ ᠬᠠᠮᠢᠶ᠎ᠠ ᠪᠥᠬᠦᠶ ᠬᠥᠮᠦᠰ ᠢ ᠵᠣᠬᠢᠶᠠᠨ | ᠪᠠᠶᠢᠭᠤᠯᠵᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠥᠷᠨᠢᠭᠦᠯᠵᠦ᠂ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ᠡᠭᠦᠷᠭᠡ ᠶᠢᠨ ᠤᠷᠤᠭᠰᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ᠬᠤᠶᠠᠷ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ᠂ ᠡᠯ᠎ᠡ ᠬᠤᠳᠠᠯᠳᠤᠭᠠᠴᠢᠨ ᠤᠷᠢᠬᠤ ᠳᠤᠭᠤᠶᠢᠯᠠᠩ ᠨᠢ ᠲᠣᠰ ᠳᠤᠭᠤᠶᠢᠯᠠᠩ ᠤᠨ ᠣᠷᠣᠭᠤᠯᠤᠨ | ᠠᠪᠴᠢᠷᠠᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠤᠨ | ᠡᠵᠡᠩᠨᠡᠬᠦ ᠪᠥᠬᠦ ᠶᠠᠪᠤᠴᠠ ᠳᠤ ᠬᠠᠷᠢᠭᠤᠴᠠᠨ᠎ᠠ᠃ ᠰᠢᠶᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠢᠯ ᠤᠨ | ᠡᠴᠦᠰ ᠤᠨ ᠬᠢᠨᠠᠨ ᠰᠢᠯᠭᠠᠬᠤ ᠨᠢᠭᠡ ᠵᠦᠢᠯ ᠤᠨ ᠴᠢᠬᠤᠯᠠ ᠠᠭᠤᠯᠭ᠎ᠠ ᠪᠣᠯᠭᠠᠵᠤ᠂ ᠵᠢᠯ ᠤᠨ ᠡᠴᠦᠰ ᠲᠤ ᠡᠯ᠎ᠡ | ᠬᠤᠳᠠᠯᠳᠤᠭᠠᠴᠢᠨ ᠤᠷᠢᠬᠤ ᠳᠤᠭᠤᠶᠢᠯᠠᠩ ᠪᠠ ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ | ᠣᠷᠣᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠡᠭᠦᠷᠭᠡ ᠪᠠᠨ ᠪᠡᠶᠡᠯᠡᠭᠦᠯᠦᠭᠡᠳᠦᠶ ᠨᠢᠭᠡᠴᠡ ︵ᠰᠠᠯᠠᠭ᠎ᠠ | ᠮᠥᠴᠢᠷ︶︶ ᠭᠤᠣᠯ ᠬᠠᠷᠢᠭᠤᠴᠠᠯᠭᠠᠲᠠᠨ ᠨᠥᠬᠦᠳ ᠪᠣᠯᠵᠣᠨ ᠶᠠᠷᠢᠯᠴᠠᠵᠤ ᠪᠣᠢ᠃ | ︵ᠬᠤᠶᠠᠷ᠂ ᠡᠯ᠎ᠡ ᠡᠭᠦᠷᠭᠡ ᠶᠢᠨ ᠨᠢᠭᠡᠴᠢ︶ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠷᠢᠨ ᠨᠢᠮᠪᠠᠶ | ᠲᠥᠯᠥᠪᠯᠡᠨ᠂ ᠨᠠᠷᠢᠯᠢᠭ ᠣᠨᠣᠴᠠᠲᠠᠶ ᠪᠠᠷ ᠬᠦᠴᠦᠯᠡᠵᠦ᠂ ᠲᠣᠰ ᠪᠡᠶ᠎ᠡ ᠶᠢᠨ ᠬᠤᠳᠠᠯᠳᠤᠭᠠᠴᠢᠨ ᠤᠷᠢᠬᠤ ᠡᠭᠦᠷᠭᠡ ᠵᠢᠴᠢ | ᠬᠤᠳᠠᠯᠳᠤᠭᠠᠴᠢᠨ ᠤᠷᠢᠬᠤ ᠳᠤᠭᠤᠶᠢᠯᠠᠩ ᠤᠨ ᠬᠤᠪᠢᠶᠠᠷᠢᠯᠠᠯᠲᠠ ᠶᠢᠨ ᠠᠵᠢᠯ ᠤᠨ ᠡᠭᠦᠷᠭᠡ ᠶᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠵᠢᠴᠢ ᠪᠤᠰᠤᠳ | ᠮᠥᠷᠳᠡᠵᠦ ᠪᠠᠲᠤᠯᠠᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠵᠢᠴᠢ ᠬᠠᠮᠢᠶ᠎ᠠ ᠪᠥᠬᠦᠶ ᠪᠠᠲᠤᠯᠠᠭ᠎ᠠ ᠶᠢᠨ ᠠᠵᠢᠯ ᠤᠨ ᠪᠠᠶᠢᠳᠠᠯ ᠢ ᠬᠠᠮᠲᠤ ᠳᠤᠨᠢ ᠵᠢᠯ ᠤᠨ ᠡᠴᠦᠰ ᠤᠨ | ᠬᠢᠨᠠᠨ ᠰᠢᠯᠭᠠᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃ | ︵ᠭᠤᠷᠪᠠ᠂ ᠡᠯ᠎ᠡ ᠨᠢᠭᠡᠴᠢ︶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ︽ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠢ ᠨᠠᠷᠢᠯᠢᠭ ᠨᠠᠶᠢᠳᠠᠪᠤᠷᠢᠵᠢᠭᠤᠯᠤᠨ᠂ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ | ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ︽ᠬᠥᠮᠦᠨ ᠪᠦᠬᠦᠨ ᠴᠥᠮ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠬᠢᠭᠤᠯᠤᠭᠴᠢ᠂ ᠬᠥᠮᠦᠨ | ᠪᠦᠬᠦᠨ ᠴᠥᠮ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠬᠠᠮᠠᠭᠠᠯᠠᠭᠴᠢ ᠮᠥᠨ︾ ᠭᠡᠬᠦ ᠪᠠᠶᠢᠳᠠᠯ ᠢ | ᠲᠦᠷᠭᠡᠪᠴᠢᠯᠡᠨ ᠪᠣᠶ ᠪᠣᠯᠭᠠᠵᠤ᠂ ᠢᠲᠡᠭᠡᠮᠵᠢ ᠲᠠᠢ ᠬᠥᠮᠦᠰ ᠢ ᠳᠡᠯᠡᠬᠡᠶ ᠳ᠋ᠠᠬᠢᠨ ᠳᠤ ᠰᠠᠭᠠᠳ ᠥᠬᠡᠶ ᠶᠠᠪᠤᠭᠤᠯᠵᠤ᠂ | ᠢᠲᠡᠭᠡᠯ ᠠᠯᠳᠠᠭᠰᠠᠳ ᠢ ᠥᠴᠦᠬᠡᠨ ᠴᠦ ᠠᠯᠬᠤᠬᠤ ᠳᠤ ᠪᠡᠷᠬᠡ ᠪᠣᠯᠭᠠᠵᠤ᠂ ᠦᠨᠡᠨᠴᠢ ᠢᠲᠡᠭᠡᠮᠵᠢ ᠶᠢᠨ | ᠢᠨᠵᠧᠨᠧᠷᠢᠩ ᠢ ᠦᠨᠡᠨ ᠬᠦ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠴᠢᠨᠠᠷ | ᠰᠠᠶᠢᠲᠠᠶ ᠢᠨᠵᠧᠨᠧᠷᠢᠩ ᠪᠣᠯᠭᠠᠬᠤ ᠬᠡᠷᠡᠭᠲᠡᠶ᠃ | | | | ᠣᠷᠴᠢᠭᠤᠯᠣᠭᠴᠢ : ᠬᠠᠨᠠᠭᠠᠷ | ᠬᠢᠨᠠᠭᠴᠢ᠄ ᠬᠠᠨᠠᠭᠠᠷ |