ᠡᠷᠡᠮᠡᠬᠡᠶᠢᠯᠡᠨ ᠤᠷᠤᠭᠰᠢᠯᠠᠵᠤ ᠰᠢᠨ᠎ᠡ ᠪᠠᠶᠢᠳᠠᠯ ᠢ ᠡᠭᠦᠳᠦᠨ ᠪᠣᠳᠠᠲᠠᠢ ᠠᠵᠢᠯᠯᠠᠵᠤ ᠰᠢᠨ᠎ᠡ ᠬᠠᠭᠤᠳᠠᠰᠤ ᠶᠢ ᠪᠢᠴᠢᠭᠯᠡᠨ᠎ᠡ ᠱᠠᠩᠳᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠶᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2024/3/20
  ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠤᠱᠯᠠᠭᠤᠯᠵᠤ᠂ ᠠᠵᠢᠯ ᠢᠶᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠪᠠᠶᠢᠳᠠᠯ ᠢ ᠵᠠᠳᠠᠯᠬᠤ ᠳᠠᠭᠠᠨ ᠪᠤᠰᠤᠳᠴᠢ ᠪᠥᠭᠡᠳ ᠪᠣᠳᠠᠲᠤ ᠪᠠᠶᠢᠳᠠᠯ ᠢ ᠵᠠᠳᠠᠯᠵᠤ᠂ ᠠᠵᠢᠯ ᠢᠶᠠᠨ ᠪᠠᠶᠢᠷᠢᠯᠠᠭᠤᠯᠬᠤ ᠳᠠᠭᠠᠨ ᠪᠦᠬᠦ ᠲᠠᠯ᠎ᠠ ᠪᠠᠷ ᠪᠣᠳᠠᠲᠠᠢ ᠶᠢ ᠡᠷᠬᠢᠮᠯᠡᠵᠦ᠂ ᠳᠡᠭᠡᠳᠦ ᠬᠡᠮᠵᠢᠶ᠎ᠡ ᠲᠠᠢ᠂ ᠭᠦᠨᠴᠡ ᠲᠠᠢ᠂ ᠡᠷᠴᠢᠮ ᠲᠠᠢ᠂ ᠬᠠᠶᠢᠷ᠎ᠠ ᠰᠡᠳᠬᠢᠯᠭᠡ ᠲᠠᠢ ᠰᠠᠶᠢᠨ ᠮᠡᠳᠡᠭᠦᠯᠦᠯᠲᠡ︾ ᠪᠣᠯᠤᠨ᠎ᠠ᠃ ᠣᠶᠢᠷ᠎ᠠ ᠳᠤ᠂ ᠱᠠᠩᠳᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠰᠤᠷᠪᠤᠯᠵᠢᠯᠠᠭ᠎ᠠ ᠬᠦᠯᠢᠶᠡᠬᠦ ᠳᠡᠭᠡᠨ᠂ ᠡᠨᠡ ᠵᠢᠯ᠂ ᠱᠠᠩᠳᠤ ᠰᠢᠶᠠᠨ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠠᠶᠢᠲᠤᠷ ᠰᠤᠷᠤᠯᠴᠠᠵᠤ᠂ ᠭᠦᠨᠵᠡᠭᠡᠶ ᠰᠠᠶᠢᠲᠤᠷ ᠣᠶᠢᠯᠠᠭᠠᠵᠤ᠂ ᠦᠨᠡᠨ ᠬᠦ ᠰᠠᠶᠢᠲᠤᠷ ᠲᠤᠭᠤᠰᠢᠯᠠᠭᠤᠯᠵᠤ᠂ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠳᠤ ᠳᠤᠷᠠᠳᠤᠭᠰᠠᠨ ︽ᠵᠢᠷᠭᠤᠭᠠᠨ ᠢᠨᠵᠧᠨᠧᠷᠢᠩ︾ ᠪᠣᠯᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ︽ᠲᠤᠯᠤᠭᠠᠨ ᠲᠠᠯ᠎ᠠ︾ ᠶᠢᠨ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠪᠥᠬᠦ ᠬᠤᠲᠠ ᠶᠢᠨ ︽ᠰᠢᠨ᠎ᠡ ᠵᠠᠮ ᠢ ᠨᠡᠭᠡᠭᠡᠬᠦ᠂ ᠠᠵᠤ ᠦᠢᠯᠡᠰ ᠢ ᠪᠤᠶᠢᠵᠢᠭᠤᠯᠬᠤ᠂ ᠶᠡᠷᠦᠩᠬᠡᠶ ᠬᠡᠮᠵᠢᠶ᠎ᠡ ᠶᠢ ᠳᠡᠭᠡᠭᠰᠢᠯᠡᠭᠦᠯᠬᠦ᠂ ᠣᠷᠣᠨ ᠪᠠᠶᠢᠷᠢ ᠶᠢ ᠲᠡᠮᠡᠴᠡᠬᠦ︾ ᠬᠠᠷᠠᠯᠲᠠ ᠶᠢ ᠪᠡᠶᠡᠯᠡᠭᠦᠯᠬᠦ ᠳᠤ ᠨᠠᠩ ᠣᠯᠠᠨ ᠬᠤᠪᠢ ᠨᠡᠮᠡᠷᠢ ᠦᠵᠡᠭᠦᠯᠬᠦ ᠪᠣᠯᠤᠨ᠎ᠠ᠃    ᠶᠠᠩ ᠸᠧᠨ ᠾᠦᠢ ᠶᠢᠨ ᠲᠠᠨᠢᠯᠴᠠᠭᠤᠯᠤᠭᠰᠠᠨ ᠢᠶᠠᠷ᠂ ᠥᠩᠭᠡᠷᠡᠭᠰᠡᠨ ᠨᠢᠭᠡ ᠵᠢᠯ ᠳᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠱᠠᠩᠳᠤ ᠰᠢᠶᠠᠨ ᠪᠦᠬᠦ ᠬᠤᠳᠠ ᠲᠠᠢ ᠬᠠᠮᠲᠤᠪᠠᠷ ᠨᠡᠯᠢᠶᠡᠳ ᠰᠠᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠣᠯᠵᠤ᠂ ᠠᠵᠤ ᠠᠬᠤᠢ ᠶᠢᠨ ᠭᠦᠢᠴᠡᠳᠬᠡᠯ ᠲᠤᠭ᠎ᠠ ᠲᠣᠭᠲᠠᠭᠤᠨ ᠤ ᠳᠤᠮᠳᠠ ᠤᠷᠤᠭᠰᠢᠯᠠᠵᠤ᠂ ᠠᠵᠤ ᠦᠢᠯᠡᠰ ᠤᠨ ᠪᠦᠲᠦᠴᠡ ᠨᠡᠩ ᠰᠢᠯᠢᠳᠡᠭᠵᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠨᠡᠩ ᠪᠠᠲᠤ ᠪᠠᠬᠢ ᠪᠣᠯᠵᠠᠢ᠃    ᠶᠠᠩ ᠸᠧᠨ ᠾᠦᠢ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠠᠵᠢᠯ ᠤᠨ ᠭᠤᠤᠯᠳᠠᠯᠭ᠎ᠠ ᠪᠠᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠭᠡᠬᠦ ᠡᠨᠡ ᠬᠦ ᠭᠤᠤᠯᠯᠠᠬᠤ ᠬᠦᠷᠢᠶ᠎ᠡ ᠴᠠᠷᠠᠭ᠎ᠠ ᠪᠠ ᠴᠢᠨᠠᠷ ᠰᠠᠶᠢᠲᠠᠶ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠳᠡᠭᠡᠷ᠎ᠡ ᠲᠠᠯᠪᠢᠵᠤ᠂ ᠱᠠᠩᠳᠤ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ︽ᠲᠣᠭᠲᠠᠭᠤᠨ᠂ ᠤᠷᠤᠭᠰᠢᠯᠠᠭᠰᠠᠨ᠂ ᠲᠣᠭᠲᠠᠭᠠᠬᠤ︾ ᠭᠤᠷᠪᠠᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠡᠶ᠃ ︽ᠠᠵᠤ ᠦᠢᠯᠡᠰ ᠢᠶᠠᠷ ᠭᠤᠣᠯ ᠪᠣᠯᠭᠠᠵᠤ᠂ ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠠᠷᠢᠮᠲᠠᠯᠠᠵᠤ᠂ ᠭᠤᠷᠪᠠᠨ ᠬᠠᠪᠴᠢᠯ ᠤᠨ 50 ᠲᠦᠮᠡᠨ ᠺᠢᠯᠣᠸᠠᠲ ᠤᠨ ᠡᠬᠢ ᠰᠤᠷᠪᠤᠯᠵᠢ ᠴᠠᠬᠢᠯᠭᠠᠨ ᠲᠣᠣᠷ ᠳᠠᠭᠠᠭᠠᠴᠠ ᠨᠥᠭᠡᠴᠡ ᠶᠢ ᠨᠢᠭᠡ ᠴᠤᠭᠴᠠᠵᠢᠭᠤᠯᠬᠤ ᠵᠡᠷᠭᠡ ᠶᠡᠷᠦᠩᠬᠡᠢ ᠪᠡᠯᠡ ᠣᠷᠣᠭᠤᠯᠤᠯᠲᠠ 519 ᠳ᠋ᠦᠩᠰᠢᠭᠤᠷ ᠲᠥᠭᠦᠷᠢᠭ ᠤᠨ 17 ᠴᠢᠬᠤᠯᠠ ᠶᠡᠭᠡ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ︽ᠣᠷᠣᠭᠤᠯᠬᠤ︾ ᠠᠵᠢᠯ ᠢ ᠰᠠᠶᠢᠲᠤᠷ ᠬᠢᠨ᠎ᠠ᠃ ︽ᠨᠢᠭᠡ ᠲᠥᠮᠥᠰᠥ ᠰᠠᠭᠠᠯᠢ ᠶᠢᠨ ᠦᠨᠢᠶ᠎ᠡ ᠭᠤᠷᠪᠠᠨ ᠰᠢᠨ᠎ᠡ︾ ᠭᠤᠤᠯᠯᠠᠬᠤ ᠠᠵᠤ ᠦᠶ᠋ᠯᠡᠰ ᠢ ᠪᠤᠶᠢᠵᠢᠭᠤᠯᠤᠨ ᠬᠥᠭᠵᠢᠭᠦᠯᠦᠨ ᠪᠤᠵᠠᠭᠠᠶᠢᠷᠠᠭᠤᠯᠵᠤ᠂ ᠣᠲᠣ ᠦᠶ᠎ᠡ ᠶᠢᠨ ᠠᠵᠤ ᠦᠶ᠋ᠯᠡᠰ ᠤᠨ ᠰᠢᠰᠲ᠋ᠧᠮ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠯᠠᠨ ᠲᠢᠶᠠᠨ ᠹᠦ᠋ ᠵᠢᠩ ᠲᠠᠩ ᠲᠥᠮᠥᠰᠥ ᠶᠢᠨ ᠪᠦᠬᠦ ᠨᠤᠨᠲᠠᠭ ᠤᠨ ᠦᠢᠯᠡᠳᠪᠦᠷᠢᠯᠡᠯ ᠤᠨ ᠱᠤᠭᠤᠮ᠂ ᠵᠧᠩ ᠰᠢᠨ ᠲᠥᠮᠥᠰᠥ ᠶᠢᠨ ᠰᠢᠰᠲ᠋ᠧᠮ ᠵᠡᠷᠭᠡ ᠲᠦᠷᠦᠯ ᠵᠦᠢᠯ ᠤᠨ ᠲᠣᠭᠤᠷᠢᠨ ᠳᠤ᠂ ᠲᠥᠮᠥᠰᠥ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ︔ ᠰᠢᠤᠢ ᠶᠠᠩ ᠪᠦᠯᠦᠭᠯᠡᠯ ᠤᠨ 20 ᠲᠦᠮᠡᠨ ᠲᠣᠨ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠵᠡᠷᠭᠡ ᠲᠥᠷᠥᠯ ᠵᠦᠢᠯ ᠤᠨ ᠲᠣᠭᠤᠷᠢᠨ ᠳᠤ᠂ ᠵᠠᠭᠤᠨ ᠳ᠋ᠦᠩᠰᠢᠭᠤᠷ ᠲᠠᠰ ᠤᠨ ᠪᠢᠯᠢᠭ ᠲᠦᠢᠯ ᠤᠨ ᠮᠠᠲ᠋ᠧᠷᠢᠶᠠᠯ ᠢ ᠨᠢᠭᠡ ᠴᠤᠭᠴᠠᠵᠢᠭᠤᠯᠤᠭᠰᠠᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠎ᠠ︔ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠵᠢᠯ ᠳᠤ 10 ᠲᠦᠮᠡᠨ ᠲᠣᠨ ᠰᠠᠯᠬᠢ ᠭᠡᠷᠡᠯ ᠤᠰᠤᠲᠥ᠋ᠷᠥᠭᠴᠢ ᠶᠢ ᠦᠶ᠋ᠯᠡᠳᠬᠦ ᠶᠢ ᠨᠢᠭᠡ ᠴᠤᠭᠴᠠᠵᠢᠭᠤᠯᠬᠤ ᠵᠡᠷᠭᠡ ᠲᠥᠷᠥᠯ ᠵᠦᠢᠯ ᠤᠨ ᠲᠣᠭᠤᠷᠢᠨ ᠳᠤ᠂ ᠰᠠᠯᠬᠢ ᠭᠡᠷᠡᠯ ᠤᠰᠤᠲᠥ᠋ᠷᠥᠭᠴᠢ ᠶᠢ ᠨᠥᠭᠡᠴᠡᠯᠡᠬᠦ ᠠᠵᠤ ᠦᠢᠯᠡᠰ ᠤᠨ ᠪᠥᠭᠡᠮᠨᠡᠷᠡᠯ ᠢ ᠪᠠᠶᠢᠭᠤᠯᠤᠨ᠎ᠠ︔ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ᠂ ᠲᠢᠶᠠᠨ ᠱᠦᠨ ᠰᠠᠯᠬᠢᠨ ᠬᠦᠴᠦᠨ ᠤ ᠴᠠᠬᠢᠯᠭᠠᠨ᠂ ᠲᠢᠶᠠᠨ ᠨᠧᠩ ᠬᠦᠨᠳᠦ ᠠᠵᠤ ᠦᠢᠯᠡᠳᠪᠦᠷᠢ ᠵᠡᠷᠭᠡ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠶ᠋ᠯᠡᠳᠬᠦ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠨᠡᠮᠡᠭᠳᠡᠭᠦᠯᠦᠨ ᠴᠢᠳᠠᠪᠤᠷᠢ ᠪᠠᠨ ᠥᠷᠭᠡᠳᠬᠡᠬᠦ ᠶᠢ ᠠᠬᠢᠭᠤᠯᠵᠤ᠂ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠶ᠋ᠯᠡᠳᠬᠦ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ︽ᠪᠠᠶᠢᠭᠤᠯᠬᠤ︾ ᠠᠵᠢᠯ ᠢ ᠰᠠᠶᠢᠲᠤᠷ ᠬᠢᠨ᠎ᠠ᠃ ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠴᠠᠭᠠᠨᠨᠠᠭᠤᠷ ᠤᠨ ᠠᠮᠢ ᠠᠬᠤᠶ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃    ᠶᠠᠩ ᠸᠧᠨ ᠾᠦᠢ ᠢᠲᠡᠭᠡᠯ ᠳᠦᠭᠦᠷᠡᠩ ᠪᠠᠶᠢᠵᠤ᠂ 2024 ᠣᠨ ᠤ ᠱᠠᠩᠳᠤ ᠰᠢᠶᠠᠨ ᠤ ᠬᠥᠭᠵᠢᠯᠲᠡ ᠶᠢᠨ ᠶᠠᠰᠤ ᠴᠢᠨᠠᠷ ᠨᠡᠩ ᠥᠨᠳᠥᠷ᠂ ᠠᠮᠢᠵᠢᠷᠠᠯ ᠤᠨ ᠬᠦᠴᠦᠨ ᠨᠡᠩ ᠴᠢᠩᠭ᠎ᠠ᠂ ᠰᠡᠯᠭᠦᠬᠦ ᠬᠦᠴᠦᠨ ᠨᠡᠩ ᠭᠦᠢᠴᠡᠳ ᠪᠠᠶᠢᠵᠤ᠂ ︽ᠲᠣᠭᠲᠠᠭᠤᠨ︾ ᠤ ᠰᠠᠭᠤᠷᠢ ᠶᠢ ᠴᠢᠨᠠᠭᠰᠢᠳᠠ ᠪᠠᠬᠢᠵᠢᠭᠦᠯᠵᠦ᠂ ︽ᠤᠷᠤᠭᠰᠢᠯᠠᠬᠤ︾ ᠬᠥᠳᠡᠯᠭᠡᠬᠦ ᠬᠦᠴᠦᠨ ᠢ ᠬᠥᠭᠵᠢᠭᠡᠵᠦ᠂ ︽ᠴᠣᠭᠴᠠᠯᠠᠬᠤ︾ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠡᠪᠳᠡᠬᠦ︾ ᠰᠥᠰᠥ ᠵᠣᠷᠢᠭ ᠢ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠴᠠᠪ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠢᠯᠡᠳᠬᠡᠪᠡ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2