ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠴᠠᠭ ᠠᠭᠤᠷ ᠤᠨ ᠲᠣᠪᠴᠢᠶ᠎ᠠ ᠬᠠᠮᠲᠤᠷᠠᠨ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮ ᠲᠡᠷᠭᠡ ᠶᠢᠨ ᠲᠦᠮᠡᠨ ᠭᠠᠵᠠᠷ ᠤᠨ ᠠᠶᠠᠯᠠᠯ · ᠳᠡᠯᠡᠬᠡᠶ ᠶᠢᠨ ᠴᠠᠭ ᠠᠭᠤᠷ ᠤᠨ ᠡᠳᠦᠷ︾ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/25
   ᠪᠢᠳᠡ ᠠᠭᠤᠷ ᠠᠮᠢᠰᠬᠤᠯ ᠤᠨ ᠠᠵᠢᠯᠯᠠᠭ᠎ᠠ ᠶᠢᠨ ᠬᠠᠮᠤᠭ ᠤᠨ ᠡᠮᠦᠨ᠎ᠡ ᠹᠷᠣᠨᠲ ᠲᠤ ᠵᠣᠭᠰᠣᠬᠤ ᠦᠶ᠎ᠡ ᠳᠤ᠂ ᠤᠷᠢᠳ ᠡᠮᠦᠨ᠎ᠡ ᠪᠠᠶᠢᠭ᠎ᠠ ᠦᠭᠡᠢ ᠥᠷᠢᠰᠥᠯᠳᠦᠭᠡᠨ ᠪᠠ ᠠᠵᠠ ᠲᠣᠬᠢᠶᠠᠯ ᠳᠤ ᠲᠤᠯᠭᠠᠷᠠᠵᠤ ᠪᠠᠶᠢᠨ᠎ᠠ᠃ ᠪᠦᠬᠦ ᠪᠥᠮᠪᠥᠷᠴᠡᠭ ᠤᠨ ᠠᠭᠤᠷ ᠠᠮᠢᠰᠭᠤᠯ ᠤᠨ ᠬᠤᠪᠢᠷᠠᠯᠲᠠ ᠶᠢᠨ ᠰᠢᠨᠵᠢ ᠪᠠᠢᠳᠠᠯ ᠨᠢᠭᠡᠨᠲᠡ ᠢᠯᠡᠷᠬᠡᠢ ᠪᠠᠢᠨ᠎ᠠ᠄ ᠲᠦᠯ ᠤᠨ ᠴᠠᠭ ᠠᠭᠠᠷ ᠤᠨ ᠬᠡᠷᠡᠭ ᠤᠨ ᠳᠠᠪᠲᠠᠮᠵᠢ ᠪᠣᠯᠤᠨ ᠬᠦᠴᠦᠯᠡᠴᠡ ᠨᠡᠮᠡᠭᠳᠡᠵᠦ᠂ ᠳᠠᠯᠠᠢ ᠶᠢᠨ ᠲᠦᠪᠰᠢᠨ ᠳᠡᠭᠡᠭᠰᠢᠯᠡᠨ᠂ ᠮᠥᠰᠥᠨ ᠭᠤᠣᠯ ᠤᠨ ᠬᠠᠢᠯ ᠤᠯᠲᠠ᠂ ᠠᠮᠢ ᠠᠬᠤᠢ ᠶᠢᠨ ᠰᠢᠰᠲ᠋ᠧᠮ ᠡᠪᠳᠡᠭᠳᠡᠪᠡ᠃ ᠡᠳᠡᠭᠡᠷ ᠬᠤᠪᠢᠷᠠᠯᠲᠠ ᠨᠢ ᠮᠠᠨ ᠤ ᠣᠳᠣᠬᠠᠨ ᠤ ᠠᠮᠢᠳᠤᠷᠠᠯ ᠤᠨ ᠠᠷᠭ᠎ᠠ ᠮᠠᠶ᠋ᠢᠭ ᠢ ᠨᠥᠯᠥᠭᠡᠯᠡᠬᠦ ᠪᠠᠷ ᠪᠠᠷᠠᠬᠤ ᠦᠭᠡᠢ ᠢᠷᠡᠭᠡᠳᠦᠢ ᠶᠢᠨ ᠦᠷᠭᠦᠯᠵᠢᠯᠡᠬᠦ ᠴᠢᠨᠠᠷ ᠪᠣᠯᠤᠨ ᠣᠷᠣᠰᠢᠨ ᠲᠣᠭᠲᠠᠨᠢᠬᠤ ᠴᠢᠳᠠᠪᠤᠷᠢ ᠳᠤ ᠬᠦᠨᠳᠦ ᠨᠣᠴᠢᠲᠠᠢ ᠰᠦᠷᠳᠡᠭᠦᠯᠦᠯ ᠪᠤᠯᠵᠤ ᠪᠠᠶᠢᠨ᠎ᠠ᠃
   ︽ᠬᠡᠯᠡᠬᠦ ᠦᠭᠡᠢ ᠪᠣᠯ ᠮᠡᠳᠡᠬᠦ ᠦᠭᠡᠢ᠂ ᠬᠡᠯᠡᠮᠡᠭᠴᠡ ᠨᠢᠭᠡᠮᠦᠰᠦᠨ ᠪᠠᠯᠢᠳᠠᠴᠢᠬᠠᠨ᠎ᠠ︾ ᠭᠡᠵᠦ᠂ 3 ᠰᠠᠷ᠎ᠠ ᠶᠢᠨ 21 ᠤ ᠡᠳᠦᠷ᠂ ︽ᠳᠡᠯᠡᠬᠡᠶ ᠶᠢᠨ ᠴᠠᠭ ᠠᠭᠤᠷ ᠤᠨ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠴᠠᠭ ᠠᠭᠤᠷ ᠤᠨ ᠲᠣᠪᠴᠢᠶ᠎ᠠ ᠶᠢᠨ ᠬᠠᠮᠲᠤᠷᠠᠨ ᠡᠷᠬᠢᠯᠡᠭᠰᠡᠨ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮ ᠲᠡᠷᠭᠡ ᠶᠢᠨ ᠲᠦᠮᠡᠨ ᠭᠠᠵᠠᠷ ᠤᠨ ᠠᠶᠠᠯᠠᠯ · ᠳᠡᠯᠡᠬᠡᠶ ᠶᠢᠨ ᠴᠠᠭ ᠠᠭᠤᠷ ᠤᠨ ᠡᠳᠦᠷ︾ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠮᠠᠰᠢ ᠶᠡᠭᠡ ᠠᠰᠢᠭ ᠬᠦᠷᠲᠡᠭᠡᠪᠡ᠃
   2024 ᠣᠨ ᠤ ᠳᠡᠯᠡᠬᠡᠢ ᠶᠢᠨ ᠴᠠᠭ ᠠᠭᠤᠷ ᠤᠨ ᠡᠳᠦᠷ ᠤᠨ ᠭᠤᠣᠯ ᠰᠡᠳᠦᠪ ᠪᠣᠯ ︽ᠠᠭᠤᠷ ᠠᠮᠢᠰᠬᠤᠯ ᠤᠨ ᠠᠵᠢᠯᠯᠠᠭ᠎ᠠ ᠶᠢᠨ ᠬᠠᠮᠤᠭ ᠤᠨ ᠡᠮᠦᠨ᠎ᠡ ᠹᠷᠣᠨᠲ︾ ᠪᠣᠯᠤᠨ᠎ᠠ᠃ ᠠᠵᠢᠯᠯᠠᠭ᠎ᠠ ᠨᠢ ᠲᠠᠶᠢᠯᠤᠮᠵᠢ ᠡᠷᠬᠢᠯᠡᠬᠦ᠂ ︽ᠴᠠᠭ ᠠᠭᠤᠷ ᠤᠨ ᠮᠡᠳᠡᠯᠭᠡ︾ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠡᠳᠬᠦᠯ ᠢ ᠲᠠᠷᠬᠠᠭᠠᠬᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠮᠡᠳᠡᠪᠡᠯ ᠵᠣᠬᠢᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠣᠮ ᠪᠢᠴᠢᠭ ᠤᠨ ᠭᠠᠷ ᠤᠭᠤᠲᠠ ᠵᠡᠷᠭᠡ ᠪᠠᠷ ᠳᠠᠮᠵᠢᠭᠤᠯᠪᠠ᠃
   ᠡᠨᠡ ᠬᠦ ᠠᠷᠭ᠎ᠠ ᠬᠡᠮᠵᠢᠶ᠎ᠡ ᠨᠢ ︽ᠴᠠᠭ ᠠᠭᠤᠷ ᠢ ᠠᠩᠬᠠᠷᠴᠤ᠂ ᠥᠷᠢᠰᠥᠯᠳᠦᠭᠡᠨ ᠢ ᠤᠭᠲᠤᠵᠤ᠂ ᠰᠢᠨᠵᠢᠯᠡᠬᠦ ᠤᠬᠠᠭᠠᠨᠴᠢ ᠪᠠᠷ ᠠᠷᠭᠠᠴᠠᠭᠠᠬᠤ︾ ᠭᠦᠨ ᠵᠤᠵᠠᠭᠠᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ  ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2