ᠱᠠᠩᠳᠤ ᠰᠢᠶᠠᠨ᠄ ᠠᠵᠢᠯ ᠣᠯᠭᠤᠯᠲᠠ ᠶᠢᠨ ᠪᠣᠯᠪᠠᠰᠤᠷᠠᠯ ᠢ ᠴᠢᠩᠭᠠᠳᠬᠠᠵᠤ᠂ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠪᠠ
ᠨᠡᠶᠢᠲᠡᠯᠡᠭᠰᠡᠨ ᠴᠠᠭ᠄
2024/3/28
   ᠱᠠᠩᠳᠤ ᠰᠢᠶᠠᠨ ᠠᠷᠠᠳ ᠲᠤ ᠪᠣᠳᠠᠲᠤ ᠶᠠᠪᠤᠳᠠᠯ ᠬᠢᠬᠦ ᠪᠠᠷ ᠭᠠᠷᠳᠠᠴᠠ ᠪᠣᠯᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠤᠯᠠᠨ ᠲᠦᠮᠡᠨ ᠤ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠵᠦ᠂ ᠤᠯᠠᠨ ᠲᠦᠮᠡᠨ ᠤ ᠬᠥᠳᠡᠯᠮᠦᠷᠢ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠪᠠ᠃
   ᠣᠶᠢᠷ᠎ᠠ ᠳᠤ᠂ ᠱᠠᠩᠳᠤ ᠰᠢᠶᠠᠨ ᠤ ᠰᠠᠨ ᠳ᠋ᠠ ᠴᠢᠩ ᠰᠢᠶᠠᠩ ᠤᠨ ᠬᠥᠳᠡᠭᠡ ᠲᠣᠰᠬᠤᠨ ᠤ ᠬᠢᠴᠢᠶᠡᠯ ᠤᠨ ᠭᠡᠷ ᠲᠤ ᠦᠨᠳᠦᠰᠦᠲᠡᠨ ᠤ ᠭᠠᠷ ᠤᠷᠠᠯᠠᠯ ᠤᠨ ᠪᠣᠯᠪᠠᠰᠤᠷᠠᠯ ᠶᠠᠭ ᠬᠦᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠃ ᠲᠣᠰ ᠤᠳᠠᠭᠠᠨ ᠤ ᠪᠣᠯᠪᠠᠰᠤᠷᠠᠭᠤᠯᠤᠯ ᠨᠢ ᠭᠤᠤᠯᠳᠠᠭᠤ ᠥᠪᠡᠷᠮᠢᠴᠡ ᠣᠨᠴᠠᠯᠢᠭ ᠲᠠᠢ ᠦᠨᠳᠦᠰᠦᠲᠡᠨ ᠤ ᠰᠤᠪᠤᠳ ᠡᠷᠳᠡᠨᠢ ᠶᠢᠨ ᠵᠠᠰᠠᠯ ᠴᠢᠮᠡᠭᠯᠡᠯ᠂ ᠰᠤᠪᠤᠳ ᠬᠡᠯᠬᠢᠮᠡᠯ ᠭᠠᠷ ᠤᠷᠠᠯᠠᠯ᠂ ᠠᠷᠠᠰᠤᠨ ᠤᠷᠠᠯᠠᠯ ᠤᠨ ᠮᠠᠰᠢᠨ ᠲᠡᠷᠭᠡᠨ ᠤ ᠰᠡᠯᠪᠢᠭ ᠲᠣᠨᠤᠭ ᠵᠡᠷᠭᠡ ᠶᠢ ᠦᠢᠯᠡᠳᠬᠦ ᠪᠠᠷ ᠭᠤᠤᠯ ᠪᠣᠯᠭᠠᠵᠤ᠂ ᠰᠤᠷᠭᠠᠭᠤᠯᠢ ᠤᠷ᠎ᠠ ᠴᠢᠳᠠᠪᠤᠷᠢ ᠤᠯᠠᠮᠵᠢᠯᠠᠬᠤ ᠶᠢᠨ ᠬᠠᠮᠲᠤ ᠵᠣᠬᠢᠴᠠᠩᠭᠤᠶ ᠲᠦᠭᠦᠬᠡᠶ ᠮᠠᠲ᠋ᠧᠷᠢᠶᠠᠯ ᠬᠠᠩᠭᠠᠬᠤ ᠶᠢᠨ ᠬᠠᠮᠲᠤ ᠦᠢᠯᠡᠳᠬᠦᠨ ᠢ ᠡᠭᠡᠭᠦᠯᠦᠨ ᠬᠤᠷᠢᠶᠠᠬᠤ ᠠᠵᠢᠯ ᠢ ᠬᠢᠵᠦ᠂ ᠪᠠᠭᠰᠢ ᠶᠢ ᠪᠣᠯᠪᠠᠰᠤᠷᠠᠭᠤᠯᠬᠤ ᠫᠷᠤᠹᠧᠰᠰᠤᠷ ᠪᠠ ᠪᠡᠶ᠎ᠡ ᠪᠠᠷ ᠢᠶᠠᠨ ᠵᠢᠱᠢᠶ᠎ᠡ ᠦᠵᠡᠭᠦᠯᠬᠦ ᠳᠣᠤᠷ᠎ᠠ᠂ ᠲᠤᠬᠠᠶ ᠶᠢᠨ ᠲᠠᠯᠠᠪᠤᠷ ᠲᠤ ᠰᠤᠷᠤᠭᠴᠢᠳ ᠢ ᠢᠳᠡᠪᠬᠢᠲᠡᠶ ᠰᠤᠷᠤᠯᠴᠠᠭᠤᠯᠵᠤ᠂ ᠰᠠᠨᠠᠭᠠᠴᠢᠯᠠᠭ᠎ᠠ ᠠᠴᠠ ᠪᠠᠨ ᠦᠢᠯᠡᠳᠦᠯᠭᠡᠵᠢᠭᠦᠯᠪᠡ᠃
   ᠱᠠᠩᠳᠤ ᠰᠢᠶᠠᠨ ᠤ ᠰᠠᠨ ᠳ᠋ᠠ ᠴᠢᠩ ᠰᠢᠶᠠᠩ ᠤᠨ ᠰᠠᠨ ᠬᠤ᠋ ᠳ᠋ᠢ ᠲᠣᠰᠬᠤᠨ ᠤ ᠠᠷᠠᠳ ᠯᠢ ᠨᠠ ᠨᠠ᠄ ︽ᠣᠳᠣ ᠲᠠᠷᠢᠶᠠᠨ ᠭᠠᠵᠠᠷ ᠲᠤ ᠲᠡᠶᠢᠮᠦ ᠶᠠᠭᠠᠷᠠᠤ ᠦᠭᠡᠢ᠂ ᠰᠢᠶᠠᠨ ᠤ ᠳᠣᠲᠣᠷ᠎ᠠ ᠶᠠᠭ ᠭᠠᠷ ᠤᠷᠠᠯᠠᠯ ᠤᠨ ᠪᠣᠯᠪᠠᠰᠤᠷᠠᠯ ᠬᠢᠵᠦ ᠪᠠᠶᠢᠨ᠎ᠠ᠂ ᠪᠢ ᠪᠠᠰᠠ ᠢᠷᠡᠵᠦ ᠣᠷᠣᠯᠴᠠᠵᠤ ᠪᠣᠯᠤᠨ᠎ᠠ᠂ ᠰᠤᠷᠤᠭᠰᠠᠨ ᠤ ᠳᠠᠷᠠᠭ᠎ᠠ ᠪᠢ ᠶᠠᠭᠤᠮ᠎ᠠ ᠪᠠᠨ ᠭᠡᠷ ᠲᠡᠭᠡᠨ ᠠᠪᠠᠴᠢᠵᠤ ᠪᠣᠯᠪᠠᠰᠤᠷᠠᠭᠤᠯᠤᠨ᠎ᠠ᠂ ᠪᠠᠰᠠ ᠪᠠᠭ᠎ᠠ ᠰᠠᠭ᠎ᠠ ᠵᠣᠭᠤᠰ ᠣᠯᠵᠤ ᠭᠡᠷ ᠤᠨ ᠬᠡᠷᠡᠭᠯᠡᠭᠡ ᠶᠢ ᠨᠥᠬᠦᠵᠦ ᠪᠣᠯᠤᠨ᠎ᠠ︾ ᠭᠡᠪᠡ᠃
   ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ ᠠᠵᠢᠯ ᠣᠯᠭᠤᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠱᠠᠩᠳᠤ ᠰᠢᠶᠠᠨ ᠬᠤᠲᠠ᠂ ᠰᠢᠶᠠᠨ ᠤ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠠᠰᠢᠭᠯᠠᠵᠤ᠂ ᠪᠣᠯᠪᠠᠰᠤᠷᠠᠯ ᠤᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠤᠯᠠᠨ ᠲᠦᠮᠡᠨ ᠢ ᠬᠠᠪᠰᠤᠷᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠨᠡᠩ ᠰᠠᠶᠢᠨ ᠨᠡᠩ ᠲᠦᠷᠭᠡᠨ ᠡᠵᠡᠮᠰᠢᠭᠦᠯᠵᠦ᠂ ᠪᠠᠶᠠᠵᠢᠬᠤ ᠠᠷᠭ᠎ᠠ ᠵᠠᠮ ᠢ ᠥᠷᠭᠡᠳᠬᠡᠪᠡ᠃    ᠤᠯᠠᠭᠠᠨᠴᠠᠪ ᠬᠤᠲᠠ ᠶᠢᠨ ᡁᠢ ᠳ᠋ᠡ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠶᠢᠨ ᠵᠠᠬᠢᠷᠤᠯ ᠵᠠᠩ ᠨᠢᠩ ᠬᠡᠯᠡᠬᠦ ᠳᠡᠭᠡᠨ᠄ ︽ᠥᠨᠥᠳᠦᠷ ᠱᠠᠩᠳᠤ ᠰᠢᠶᠠᠨ ᠤ ᠰᠠᠨ ᠳ᠋ᠠ ᠴᠢᠩ ᠰᠢᠶᠠᠩ ᠤᠨ ᠰᠠᠨ ᠬᠤ᠋ ᠳ᠋ᠢ ᠲᠣᠰᠬᠤᠨ ᠤ ᠠᠷᠠᠳ ᠤᠨ ᠵᠥᠪᠯᠡᠯ ᠳᠤ ᠢᠷᠡᠵᠦ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠤ ᠪᠣᠯᠪᠠᠰᠤᠷᠠᠯ ᠥᠷᠨᠢᠭᠦᠯᠵᠦ᠂ ᠮᠠᠨ ᠤ ᠠᠪᠴᠢᠷᠠᠭᠰᠠᠨ ᠦᠢᠯᠡᠳᠬᠦᠨ ᠨᠢ ᠮᠣᠩᠭᠤᠯ ᠦᠨᠳᠦᠰᠦᠲᠡᠨ ᠤ ᠣᠨᠴᠠᠯᠢᠭ ᠲᠠᠢ ᠭᠠᠵᠠᠷ ᠣᠷᠣᠨ ᠤ ᠣᠨᠴᠠᠯᠢᠭ ᠲᠠᠢ ᠭᠠᠷ ᠤᠷᠠᠯᠠᠯ ᠤᠨ ᠪᠦᠲᠦᠭᠡᠭᠳᠡᠬᠦᠨ ᠪᠣᠯᠤᠨ᠎ᠠ᠂ ᠡᠨᠡ ᠤᠳᠠᠭᠠᠨ ᠤ ᠪᠣᠯᠪᠠᠰᠤᠷᠠᠯ ᠨᠢ ᠱᠠᠩᠳᠤ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ ᠶᠢ ᠣᠯᠵᠤ᠂ ᠲᠤᠬᠠᠶ ᠶᠢᠨ ᠲᠠᠯᠠᠪᠤᠷ ᠤᠨ ᠰᠤᠷᠤᠭᠴᠢᠳ ᠤᠨ ᠰᠤᠷᠤᠯᠴᠠᠬᠤ ᠬᠠᠯᠠᠭᠤᠨ ᠰᠡᠳᠬᠢᠯᠭᠡ ᠣᠷᠭᠢᠯᠵᠤ᠂ ᠢᠳᠡᠪᠬᠢᠵᠢᠯ ᠣᠨᠴᠠᠭᠠᠶ ᠥᠨᠳᠥᠷ ᠪᠠᠶᠢᠨ᠎ᠠ︾ ᠭᠡᠵᠡᠶ᠃    ᠣᠶᠢᠷ᠎ᠠ ᠶᠢᠨ ᠵᠢᠯ ᠤᠨ ᠲᠤᠷᠰᠢ ᠱᠠᠩᠳᠤ ᠰᠢᠶᠠᠨ ᠴᠢᠳᠠᠪᠤᠷᠢᠲᠠᠨ ᠢ ᠪᠣᠯᠪᠠᠰᠤᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠣᠯᠪᠠᠰᠤᠷᠠᠭᠤᠯᠤᠯ ᠤᠨ ᠠᠭᠤᠯᠭ᠎ᠠ ᠨᠢ ᠨᠠᠩ ᠪᠠᠶᠠᠯᠢᠭ ᠪᠣᠯᠵᠤ᠂ ᠡᠭᠦᠨ ᠳᠤ ᠭᠠᠷ ᠤᠷᠠᠯᠠᠯ ᠤᠨ ᠪᠦᠲᠦᠭᠡᠭᠳᠡᠬᠦᠨ ᠵᠣᠬᠢᠶᠠᠨ ᠨᠡᠬᠡᠬᠦ᠂ ᠨᠠᠰᠤᠵᠢᠯ ᠤᠨ ᠠᠰᠠᠷᠠᠮᠵᠢ ᠶᠢᠨ ᠰᠤᠪᠢᠯᠠᠯᠲᠠ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠪᠠᠭᠰᠢ᠂ ᠵᠢᠰᠦ ᠭᠤᠶᠣᠯᠠᠭᠴᠢ᠂ ᠺᠣᠮᠫᠢᠦ᠋ᠲ᠋ᠧᠷ ᠵᠡᠷᠭᠡ ᠲᠤᠰᠬᠠᠶ ᠮᠡᠷᠭᠡᠵᠢᠯ ᠢ ᠪᠠᠭᠲᠠᠭᠠᠵᠤ᠂ 2023 ᠣᠨ ᠳᠤ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ 1181 ᠬᠥᠮᠦᠨ᠂ ᠠᠵᠢᠯ ᠮᠡᠷᠭᠡᠵᠢᠯ ᠤᠨ ᠪᠣᠯᠪᠠᠰᠤᠷᠠᠯ 1347 ᠬᠥᠮᠦᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ 187 ᠬᠥᠮᠦᠨ᠂ ᠤᠷ᠎ᠠ ᠴᠢᠳᠠᠪᠤᠷᠢ ᠶᠢ ᠡᠵᠡᠮᠰᠢᠭᠰᠡᠨ ᠪᠣᠯᠪᠠᠰᠤᠷᠠᠩᠭᠤᠶ ᠬᠡᠮᠵᠢᠶ᠎ᠡ ᠶᠢ ᠦᠨᠳᠦᠰᠦᠯᠡᠨ᠂ ᠬᠥᠮᠦᠨ ᠳᠤᠮᠳᠠᠴᠢ ᠶᠢᠨ ᠣᠷᠣᠯᠭ᠎ᠠ 600 - 1300 ᠭᠠᠷᠤᠶ ᠲᠥᠭᠦᠷᠢᠭ ᠨᠡᠮᠡᠭᠳᠡᠵᠦ᠂ ᠭᠠᠷ ᠤᠷᠠᠯᠠᠯ ᠤᠨ ᠤᠷ᠎ᠠ ᠴᠢᠳᠠᠪᠤᠷᠢ ᠶᠢ ᠣᠷᠣᠯᠭ᠎ᠠ ᠪᠠᠨ ᠨᠡᠮᠡᠭᠳᠡᠭᠦᠯᠬᠦ ᠤᠷ᠎ᠠ ᠴᠢᠳᠠᠪᠤᠷᠢ ᠪᠣᠯᠭᠠᠪᠠ᠃    ᠱᠠᠩᠳᠤ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠵᠤᠤ ᠬᠠᠢ ᠵᠢᠶᠦ᠋ᠨ᠄ ︽ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠶᠠᠳᠠᠭᠤ ᠠᠴᠠ ᠠᠩᠭᠢᠵᠢᠷᠠᠭᠰᠠᠨ    ᠬᠥᠳᠡᠯᠮᠦᠷᠢ ᠶᠢᠨ ᠬᠦᠴᠦᠨ᠂ ᠠᠵᠢᠯ ᠤᠯᠬᠤ ᠳᠤ ᠬᠦᠴᠢᠷᠲᠡᠢ ᠬᠥᠮᠦᠰ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ᠂ ᠶᠡᠭᠡ ᠰᠤᠷᠭᠠᠭᠤᠯᠢ ᠶᠢᠨ ᠣᠶᠤᠲᠠᠨ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠮᠡᠷᠭᠡᠵᠢᠯ ᠤᠨ ᠪᠣᠯᠪᠠᠰᠤᠷᠠᠯ ᠬᠦᠷᠲᠡᠭᠡᠵᠦ᠂ ᠤᠯᠠᠨ ᠳᠤ ᠨᠢᠭᠡ ᠵᠦᠢᠯ ᠤᠨ ᠮᠡᠷᠭᠡᠵᠢᠯ ᠴᠢᠳᠠᠪᠤᠷᠢ ᠲᠠᠢ ᠪᠣᠯᠭᠠᠵᠤ᠂ ᠥᠪᠡᠷ ᠤᠨ ᠠᠵᠢᠯ ᠣᠯᠵᠤ ᠦᠢᠯᠡᠰ ᠪᠤᠰᠬᠠᠬᠤ ᠳᠤ ᠰᠠᠶᠢᠨ ᠰᠠᠶᠢᠬᠠᠨ ᠠᠵᠠ ᠲᠣᠬᠢᠶᠠᠯ ᠣᠯᠭᠤᠵᠤ᠂ ᠳᠠᠷᠠᠭᠠᠴᠢ ᠶᠢᠨ ᠠᠯᠬᠤᠮ ᠳᠤ᠂ ᠪᠢᠳᠡ ᠪᠣᠯᠪᠠᠰᠤᠷᠠᠯ ᠤᠨ ᠰᠤᠷᠭᠠᠭᠤᠯᠢ ᠲᠠᠢ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠠᠵᠢᠯ ᠮᠡᠷᠭᠡᠵᠢᠯ ᠤᠨ ᠪᠣᠯᠪᠠᠰᠤᠷᠠᠯ ᠢ ᠪᠠᠶᠢᠩᠭᠤᠵᠢᠭᠤᠯᠵᠤ᠂ ᠪᠣᠯᠪᠠᠰᠤᠷᠠᠯ ᠤᠨ ᠠᠵᠢᠯ ᠤᠨ ᠬᠠᠨᠳᠤᠯᠭᠠᠲᠤ ᠴᠢᠨᠠᠷ ᠪᠣᠯᠤᠨ ᠪᠣᠳᠠᠲᠤ ᠦᠷ᠎ᠡ ᠪᠦᠳᠦᠮᠵᠢᠳᠦ ᠴᠢᠨᠠᠷ ᠢ ᠴᠢᠩᠭᠠᠳᠬᠠᠵᠤ᠂ ᠪᠣᠯᠪᠠᠰᠤᠷᠠᠯ ᠢᠶᠠᠷ ᠳᠠᠮᠵᠢᠨ ᠲᠡᠳᠡᠨ ᠤ ᠠᠵᠢᠯ ᠤᠯᠬᠤ ᠤᠷ᠎ᠠ ᠴᠢᠳᠠᠪᠤᠷᠢ ᠪᠣᠯᠤᠨ ᠦᠢᠯᠡᠰ ᠪᠤᠰᠬᠠᠬᠤ ᠴᠢᠳᠠᠪᠤᠷᠢ ᠶᠢ ᠳᠡᠭᠡᠭᠰᠢᠯᠡᠭᠦᠯᠪᠡ︾ ᠭᠡᠵᠦ ᠬᠡᠯᠡᠪᠡ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2