ᠱᠠᠩᠳᠤ ᠰᠢᠶᠠᠨ᠄ ᠴᠠᠭ ᠠᠭᠤᠷ ᠤᠨ  ᠦᠢᠯᠡᠴᠢᠯᠡᠭᠡ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦ ᠨᠡᠮᠡᠷᠢᠯᠡᠪᠡ
ᠨᠡᠶᠢᠲᠡᠯᠡᠭᠰᠡᠨ ᠴᠠᠭ᠄
2024/3/28
 ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠤᠯᠠᠷᠢᠯ ᠳᠤ᠂ ᠱᠠᠩᠳᠤ ᠰᠢᠶᠠᠨ ᠡᠯ᠎ᠡ ᠵᠦᠶ᠋ᠯ ᠤᠨ ᠴᠠᠭ ᠠᠭᠤᠷ ᠤᠨ ᠦᠢᠯᠡᠴᠢᠯᠡᠭᠡ ᠥᠷᠨᠢᠭᠦᠯᠵᠦ᠂ ᠲᠠᠷᠢᠶᠠᠴᠢᠳ ᠢ ᠬᠠᠪᠰᠤᠷᠤᠨ ᠣᠳᠣᠬᠠᠨ ᠤ ᠴᠠᠭ ᠠᠭᠤᠷ ᠤᠨ ᠪᠠᠶᠢᠳᠠᠯ ᠢ ᠨᠠᠩ ᠰᠠᠶᠢᠲᠤᠷ ᠣᠶᠢᠯᠠᠭᠠᠭᠤᠯᠵᠤ᠂ ᠲᠠᠷᠢᠶᠠᠯᠠᠩ ᠤᠨ ᠦᠶ᠋ᠯᠡᠳᠪᠦᠷᠢᠯᠡᠯ ᠳᠤ ᠬᠦᠴᠦᠲᠡᠶ ᠳᠡᠮᠵᠢᠯᠭᠡ ᠪᠠ ᠪᠠᠲᠤᠯᠠᠭ᠎ᠠ ᠬᠠᠩᠭᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃
   ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠦᠶ᠎ᠡ ᠪᠠᠶᠢᠵᠤ᠂ ᠱᠠᠩᠳᠤ ᠰᠢᠶᠠᠨ ᠤ ᠴᠠᠭ ᠠᠭᠤᠷ ᠤᠨ ᠲᠣᠪᠴᠢᠶ᠎ᠠ ᠶᠢᠨ ᠮᠡᠷᠭᠡᠵᠢᠯᠲᠡᠨ ᠵᠢᠶᠠ ᠰᠢᠤᠸᠠᠢ ᠲᠢᠩ ᠬᠠᠮᠲᠤ ᠠᠵᠢᠯᠯᠠᠭᠰᠠᠳ ᠲᠠᠢ ᠪᠦᠬᠦ ᠰᠢᠶᠠᠨ ᠤ ᠬᠡᠪᠴᠢᠶᠡᠨ ᠳᠣᠲᠣᠷᠠᠬᠢ ᠲᠥᠯᠥᠭᠡᠯᠡᠬᠦ ᠴᠢᠨᠠᠷᠲᠠᠢ ᠲᠠᠷᠢᠶᠠᠨ ᠭᠠᠵᠠᠷ ᠲᠤ ᠲᠤᠬᠠᠢ ᠶᠢᠨ ᠭᠠᠵᠠᠷ ᠤᠨ ᠪᠠᠶᠢᠴᠠᠭᠠᠯᠲᠠ ᠪᠠ ᠦᠯᠢᠭᠡᠷ ᠶᠠᠩᠵᠤ ᠠᠪᠴᠤ ᠪᠠᠶᠢᠨ᠎ᠠ᠃ ᠲᠡᠭᠦᠨ ᠠᠴᠠ ᠰᠡᠭᠦᠯᠡᠷ᠂ ᠱᠠᠩᠳᠤ ᠰᠢᠶᠠᠨ ᠤ ᠴᠠᠭ ᠠᠭᠤᠷ ᠤᠨ ᠲᠣᠪᠴᠢᠶ᠎ᠠ ᠮᠡᠷᠭᠡᠵᠢᠯᠲᠡᠨ ᠤ ᠡᠮᠦᠨᠡᠬᠢ ᠬᠤᠭᠤᠴᠠᠭᠠᠨ ᠤ ᠪᠠᠶᠢᠴᠠᠭᠠᠯᠲᠠ ᠪᠠ ᠦᠯᠢᠭᠡᠷ ᠠᠪᠤᠭᠰᠠᠨ ᠦᠷ᠎ᠡ ᠳ᠋ᠦᠩ ᠢ ᠦᠨᠳᠦᠰᠦᠯᠡᠨ᠂ ᠣᠳᠣᠬᠠᠨ ᠤ ᠠᠭᠤᠷ ᠠᠮᠢᠰᠬᠤᠯ ᠤᠨ ᠣᠨᠴᠠᠯᠢᠭ ᠲᠠᠢ ᠤᠶᠠᠯᠳᠤᠭᠤᠯᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠠᠭᠤᠷ ᠤᠨ ᠨᠥᠬᠦᠴᠡᠯ ᠳᠤ ᠶᠡᠷᠦᠩᠬᠡᠶᠢᠯᠡᠭᠰᠡᠨ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠣᠳᠣᠬᠠᠨ ᠤ ᠲᠠᠷᠢᠶᠠᠨ ᠭᠠᠵᠠᠷ ᠤᠨ ᠴᠢᠭᠢᠭ ᠤᠨ ᠪᠠᠶᠢᠳᠠᠯ ᠢ ᠴᠠᠭ ᠲᠤᠬᠠᠶ ᠳᠤᠨᠢ ᠣᠶᠢᠯᠠᠭᠠᠵᠤ᠂ ᠬᠤᠶᠢᠰᠢᠳᠠ ᠶᠢᠨ ᠲᠠᠷᠢᠶᠠᠯᠠᠩ ᠤᠨ ᠦᠢᠯᠡᠳᠪᠦᠷᠢᠯᠡᠯ ᠳᠤ ᠬᠦᠴᠦᠲᠡᠶ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠪᠠ᠃
   ᠱᠠᠩᠳᠤ ᠰᠢᠶᠠᠨ ᠤ ᠴᠠᠭ ᠠᠭᠤᠷ ᠤᠨ ᠲᠣᠪᠴᠢᠶ᠎ᠠ ᠶᠢᠨ ᠮᠡᠷᠭᠡᠵᠢᠯᠲᠡᠨ ᠵᠢᠶᠠ ᠰᠢᠤᠸᠠᠢ ᠲᠢᠩ᠄ ︽ᠪᠢᠳᠡ 3 ᠰᠠᠷ᠎ᠠ ᠶᠢᠨ 8 ᠤ ᠡᠳᠦᠷ ᠠᠴᠠ ᠡᠬᠢᠯᠡᠨ ᠪᠥᠬᠦ ᠰᠢᠶᠠᠨ ᠤ ᠬᠡᠪᠴᠢᠶᠡᠨ ᠳᠤ ᠬᠥᠷᠥᠰᠥᠨ ᠤ ᠴᠢᠭᠢᠭ ᠤᠨ ᠪᠠᠶᠢᠳᠠᠯ ᠢ ᠬᠢᠨᠠᠨ ᠬᠡᠮᠵᠢᠵᠦ᠂ ᠡᠮᠦᠨᠡᠬᠢ ᠱᠠᠲᠤᠨ ᠤ ᠦᠷ᠎ᠡ ᠳ᠋ᠦᠩ ᠠᠴᠠ ᠦᠵᠡᠪᠡᠯ᠂ ᠪᠥᠬᠦ ᠰᠢᠶᠠᠨ ᠳᠤ ᠬᠤᠶᠠᠳᠤᠭᠠᠷ ᠲᠥᠷᠥᠯ ᠤᠨ ᠴᠢᠭᠢᠭ ᠤᠨ ᠪᠠᠶᠢᠳᠠᠯ ᠢᠶᠠᠷ ᠭᠤᠤᠯ ᠪᠣᠯᠭᠠᠵᠤ᠂ ᠴᠢᠭᠢᠭ ᠤᠨ ᠪᠠᠶᠢᠳᠠᠯ ᠰᠠᠶᠢᠨ ᠬᠢᠷᠢ ᠲᠦᠪᠰᠢᠨ ᠳᠤ ᠪᠠᠶᠢᠨ᠎ᠠ᠃ ᠡᠩ ᠤᠨ ᠪᠠᠶᠢᠳᠠᠯ ᠳᠣᠣᠷ᠎ᠠ ᠪᠢᠳᠡ ᠪᠣᠯ ᠨᠢᠭᠡ ᠬᠤᠭᠤᠴᠠᠭ᠎ᠠ ᠬᠥᠷᠥᠰᠥ ᠰᠢᠷᠣᠶ ᠶᠢᠨ ᠰᠢᠷᠬ᠎ᠠ ᠶᠢᠨ ᠪᠠᠶᠢᠳᠠᠯ ᠢ ᠬᠢᠨᠠᠨ ᠬᠡᠮᠵᠢᠭᠰᠡᠨ ᠮᠡᠳᠡᠭᠡ ᠵᠠᠩᠭᠢ ᠶᠢ ᠠᠷᠪᠠᠨ ᠡᠳᠦᠷ ᠲᠤ ᠨᠢᠭᠡ ᠬᠤᠭᠤᠴᠠᠭ᠎ᠠ ᠨᠡᠶᠢᠲᠡᠯᠡᠵᠦ᠂ ᠬᠡᠷᠪᠡ ᠬᠤᠭᠤᠴᠠᠭᠠᠨ ᠳᠤ ᠶᠡᠭᠡ ᠬᠡᠪᠴᠢᠶᠡᠨ ᠤ ᠬᠤᠷ᠎ᠠ ᠲᠣᠨᠣᠳᠠᠰᠤ ᠶᠢᠨ ᠶᠠᠪᠤᠴᠠ ᠭᠠᠷᠪᠠᠯ ᠪᠢᠳᠡ ᠲᠦᠷ ᠴᠠᠭ ᠬᠤᠷ᠎ᠠ ᠲᠣᠨᠣᠳᠠᠰᠤ ᠶᠢᠨ ᠪᠠᠶᠢᠳᠠᠯ ᠢ ᠦᠨᠳᠦᠰᠦᠯᠡᠨ ᠴᠠᠭ ᠲᠤᠬᠠᠶ ᠳᠤᠨᠢ ᠬᠥᠷᠥᠰᠥ ᠰᠢᠷᠣᠶ ᠶᠢᠨ ᠬᠢᠨᠠᠨ ᠬᠡᠮᠵᠢᠯᠲᠡ ᠬᠢᠨ᠎ᠠ︾ ᠭᠡᠪᠡ᠃
   ᠡᠭᠦᠨ ᠤ ᠬᠠᠮᠲᠤ᠂ ᠱᠠᠩᠳᠤ ᠰᠢᠶᠠᠨ ᠤ ᠴᠠᠭ ᠠᠭᠤᠷ ᠤᠨ ᠲᠣᠪᠴᠢᠶ᠎ᠠ ᠪᠠᠰᠠ ︽ᠱᠠᠩᠳᠤ ᠶᠢᠨ ᠴᠠᠭ ᠠᠭᠤᠷ︾ ᠤᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠣᠯᠠᠨ ᠠᠷᠭ᠎ᠠ ᠵᠠᠮ ᠢᠶᠠᠷ ᠶᠡᠭᠡ ᠰᠠᠯᠬᠢ᠂ ᠭᠠᠵᠠᠷ ᠤᠨ ᠳᠤᠯᠠᠭᠠᠨ ᠬᠦᠶ᠋ᠲᠡᠨ ᠤ ᠭᠠᠮᠰᠢᠭ ᠵᠡᠷᠭᠡ ᠲᠠᠷᠢᠶᠠᠯᠠᠩ ᠤᠨ  ᠦᠢᠯᠡᠳᠪᠦᠷᠢᠵᠢᠯ ᠳᠤ ᠠᠰᠢᠭ ᠥᠬᠡᠶ ᠨᠥᠯᠥᠭᠡ ᠦᠵᠡᠭᠦᠯᠵᠦ ᠮᠡᠳᠡᠬᠦ ᠴᠠᠭ ᠠᠭᠤᠷ ᠤᠨ ᠰᠡᠷᠡᠮᠵᠢᠯᠡᠭᠦᠯᠦᠯ ᠢ ᠴᠠᠭ ᠲᠤᠬᠠᠶ ᠳᠤᠨᠢ ᠨᠡᠶᠢᠲᠡᠯᠡᠵᠦ᠂ ᠲᠠᠷᠢᠶᠠᠴᠢᠳ ᠢ ᠬᠠᠪᠰᠤᠷᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠤᠷᠢᠳᠴᠢᠯᠠᠨ ᠰᠠᠶᠢᠲᠤᠷ ᠬᠢᠵᠦ᠂ ᠲᠠᠷᠢᠮᠠᠯ ᠤᠨ ᠠᠮᠤᠷ ᠲᠦᠪᠰᠢᠨ ᠢᠶᠠᠷ ᠲᠠᠷᠢᠬᠤ ᠪᠠ ᠥᠰᠬᠦ ᠶᠢ ᠦᠨᠡᠨ ᠬᠦ ᠪᠠᠲᠤᠯᠠᠪᠠ᠃    ᠡᠭᠦᠨ ᠠᠴᠠ ᠭᠠᠳᠠᠨ᠎ᠠ᠂ ᠱᠠᠩᠳᠤ ᠰᠢᠶᠠᠨ ᠤ ᠴᠠᠭ ᠠᠭᠤᠷ ᠤᠨ ᠲᠣᠪᠴᠢᠶ᠎ᠠ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠢ ᠢᠳᠡᠪᠬᠢᠲᠡᠶ ᠪᠠᠷ ᠬᠠᠮᠲᠤᠷᠠᠯᠴᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠴᠠᠭ ᠠᠭᠤᠷ ᠤᠨ ᠮᠡᠳᠡᠭᠡ ᠵᠠᠩᠭᠢ ᠬᠠᠩᠭᠠᠵᠤ᠂ ᠲᠠᠷᠢᠶᠠᠯᠠᠩ ᠤᠨ ᠦᠢᠯᠡᠳᠪᠦᠷᠢᠯᠡᠯ ᠳᠤ ᠰᠠᠨᠠᠭᠤᠯᠭ᠎ᠠ ᠳᠤᠷᠠᠳᠴᠤ᠂ ᠲᠠᠷᠢᠶᠠᠴᠢᠳ ᠢ ᠬᠠᠪᠰᠤᠷᠤᠨ ᠡᠯ᠎ᠡ ᠵᠦᠢᠯ ᠤᠨ ᠴᠠᠭ ᠠᠭᠤᠷ ᠤᠨ ᠨᠥᠬᠦᠴᠡᠯ ᠢ ᠨᠡᠩ ᠰᠠᠶᠢᠲᠤᠷ ᠠᠷᠭᠠᠴᠠᠵᠤ᠂ ᠲᠠᠷᠢᠶᠠᠯᠠᠩ ᠤᠨ ᠠᠵᠢᠯᠯᠠᠭ᠎ᠠ ᠶᠢ ᠴᠠᠭ ᠲᠤᠨᠢ ᠲᠣᠬᠢᠷᠠᠭᠤᠯᠤᠨ ᠲᠣᠬᠢᠷᠠᠭᠤᠯᠪᠠ᠃    ᠱᠠᠩᠳᠤ ᠰᠢᠶᠠᠨ ᠤ ᠲᠠᠷᠢᠶᠠᠯᠠᠩ ᠮᠠᠯ ᠠᠵᠤ ᠠᠬᠤᠶ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ ᠵᠠᠩ ᠰᠢᠤ ᠬᠡᠯᠡᠬᠦ ᠳᠡᠭᠡᠨ᠄ ︽ᠪᠢᠳᠡ ᠱᠠᠩᠳᠤ ᠰᠢᠶᠠᠨ ᠤ ᠴᠠᠭ ᠠᠭᠤᠷ ᠤᠨ ᠲᠣᠪᠴᠢᠶ᠎ᠠ ᠠᠴᠠ ᠪᠢᠳᠡᠨ ᠳᠤ ᠬᠠᠩᠭᠠᠭᠰᠠᠨ ᠴᠠᠭ ᠠᠭᠤᠷ ᠤᠨ ᠭᠠᠮᠰᠢᠭ ᠤᠨ ᠴᠢᠨᠠᠷᠲᠠᠶ ᠤᠷᠢᠳᠴᠢᠯᠠᠭᠰᠠᠨ ᠮᠡᠳᠡᠭᠡ ᠶᠢ ᠦᠨᠳᠦᠰᠦᠯᠡᠨ ᠲᠠᠷᠢᠮᠠᠯ ᠤᠨ ᠡᠷᠦᠬᠡ ᠶᠢᠨ ᠸᠢᠴᠠᠲ ᠤᠨ ᠪᠦᠯᠦᠭ ᠲᠤ ᠴᠠᠭ ᠲᠤᠬᠠᠶ ᠳᠤᠨᠢ ᠣᠯᠭᠤᠵᠤ᠂ ᠲᠠᠷᠢᠮᠠᠯ ᠤᠨ ᠡᠷᠦᠬᠡ ᠶᠢ ᠤᠷᠢᠳᠴᠢᠯᠠᠨ ᠰᠡᠷᠭᠡᠶᠢᠯᠡᠵᠦ ᠤᠷᠢᠳᠴᠢᠯᠠᠨ ᠰᠡᠷᠡᠮᠵᠢᠯᠡᠭᠦᠯᠬᠦ ︵ᠵᠠᠶᠢᠯᠠᠬᠤ︶ ᠴᠢᠬᠤᠯᠠ ᠪᠤᠰᠤ ᠬᠤᠬᠢᠷᠠᠯ ᠢ ᠪᠣᠶ ᠪᠣᠯᠭᠠᠬᠤ ᠶᠢᠨ ᠬᠠᠮᠲᠤ ᠱᠠᠩᠳᠤ ᠰᠢᠶᠠᠨ ᠤ ᠴᠠᠭ ᠠᠭᠤᠷ ᠤᠨ ᠲᠣᠪᠴᠢᠶ᠎ᠠ ᠠᠴᠠ ᠪᠢᠳᠡᠨ ᠳᠤ ᠬᠠᠩᠭᠠᠭᠰᠠᠨ ᠴᠢᠭᠢᠭ ᠤᠨ ᠪᠠᠶᠢᠳᠠᠯ ᠢ ᠮᠡᠳᠡᠭᠦᠯᠪᠡᠯ ᠪᠢᠳᠡ ᠪᠠᠰᠠ ᠲᠠᠷᠢᠮᠠᠯ ᠤᠨ ᠲᠣᠮᠣ ᠡᠷᠦᠬᠡ ᠳᠤ ᠴᠠᠭ ᠲᠤᠬᠠᠶ ᠳᠤᠨᠢ ᠴᠢᠭᠢᠭ ᠤᠨ ᠪᠠᠶᠢᠳᠠᠯ ᠢ ᠦᠨᠳᠦᠰᠦᠯᠡᠨ ᠦᠢᠯᠡᠳᠪᠦᠷᠢᠯᠡᠯ ᠤᠨ ᠬᠡᠷᠡᠭᠰᠡᠯ ᠢ ᠪᠡᠯᠡᠳᠬᠡᠵᠦ᠂ ᠴᠠᠭ ᠲᠤᠨᠢ ᠳᠠᠷᠢᠵᠤ᠂ ᠴᠢᠭᠢᠭ ᠢ ᠵᠠᠪᠳᠤᠨ ᠲᠠᠷᠢᠵᠤ᠂ ᠤᠨᠠᠯᠲᠠ ᠶᠢ ᠨᠡᠮᠡᠭᠳᠡᠭᠦᠯᠦᠨ᠎ᠡ︾ ᠭᠡᠵᠡᠶ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2