ᠱᠠᠩᠳᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠷᠢᠶᠠᠯᠠᠩ ᠤᠨ ᠬᠡᠷᠡᠭᠰᠡᠯ ᠤᠨ ᠬᠠᠭᠤᠷᠮᠠᠭ ᠦᠢᠯᠡᠳᠬᠦᠨ ᠳᠤ ᠴᠣᠬᠢᠯᠲᠠ ᠥᠭᠴᠦ ᠬᠠᠪᠤᠷ ᠤᠨ ᠲᠠᠷᠢᠶᠠᠯᠠᠭ᠎ᠠ ᠶᠢ ᠪᠠᠲᠤᠯᠠᠬᠤ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/3/28
  ᠣᠳᠣᠬᠠᠨ ᠳᠤ᠂ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠠᠩᠭᠢᠯᠠᠭ᠎ᠠ ᠶᠢᠨ ᠴᠠᠭ ᠦᠶ᠎ᠡ ᠪᠣᠯᠬᠤ ᠪᠥᠭᠡᠳ ᠪᠠᠰᠠ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠶᠢᠨ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠂ ᠪᠦᠬᠦ ᠰᠢᠶᠠᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠲᠠᠷᠢᠶᠠᠴᠢᠳ ᠢ ᠬᠢᠬᠠᠵᠤ ᠲᠠᠷᠢᠶᠠᠴᠢᠳ ᠢ ᠬᠤᠬᠢᠷᠠᠭᠤᠯᠬᠤ ᠶᠢ ᠰᠡᠷᠭᠡᠶᠢᠯᠡᠬᠦ ᠶᠢᠨ ᠲᠥᠯᠥᠭᠡ᠂ ᠲᠠᠷᠢᠶᠠᠴᠢᠳ ᠢ ᠰᠠᠨᠠᠭ᠎ᠠ ᠠᠮᠤᠷ ᠳᠠᠷᠢᠬᠤ᠂ ᠰᠠᠨᠠᠭ᠎ᠠ ᠠᠮᠤᠷ ᠡᠮ᠂ ᠰᠠᠨᠠᠭ᠎ᠠ ᠠᠮᠤᠷ ᠪᠣᠷᠳᠣᠭᠤᠷ ᠬᠡᠷᠡᠭᠯᠡᠬᠦ ᠶᠢᠨ ᠲᠥᠯᠥᠭᠡ ᠶᠤᠮ᠃ ᠣᠶᠢᠷ᠎ᠠ ᠳᠤ᠂ ᠱᠠᠩᠳᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠶ᠋ᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠲᠠᠢ ᠡᠯ᠎ᠡ ᠰᠢᠶᠠᠩ ᠪᠠᠯᠭᠠᠰᠤᠨ ᠤ ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ ᠭᠦᠨᠵᠡᠭᠡᠶᠢᠷᠡᠨ ᠬᠠᠤᠯᠢ ᠬᠡᠷᠡᠭᠵᠢᠭᠦᠯᠬᠦ ᠲᠤᠰᠬᠠᠶ ᠪᠠᠶᠢᠴᠠᠭᠠᠯᠲᠠ ᠥᠷᠨᠢᠭᠦᠯᠪᠡ᠃    ᠪᠠᠶᠢᠴᠠᠭᠠᠯᠲᠠ ᠶᠢᠨ ᠳᠤᠮᠳᠠ᠂ ᠠᠷᠠᠳ ᠤᠨ ᠴᠠᠭᠳᠠᠭ᠎ᠠ ᠦᠷ᠎ᠡ ᠶᠢᠨ ᠶᠠᠰᠤ ᠴᠢᠨᠠᠷ ᠨᠢ ᠤᠯᠤᠰ ᠤᠨ ᠪᠠᠷᠢᠮᠵᠢᠶ᠎ᠠ ᠳᠤ ᠬᠦᠷᠦᠭᠰᠡᠨ ᠡᠰᠡᠬᠦ᠂ ᠬᠠᠭᠤᠷᠮᠠᠭ ᠮᠠᠭᠤ ᠲᠠᠸᠠᠷ᠂ ᠬᠤᠭᠤᠴᠠᠭ᠎ᠠ ᠨᠢ ᠬᠡᠲᠦᠷᠡᠭᠰᠡᠨ ᠲᠠᠷᠢᠶᠠᠨ ᠡᠮ᠂ ᠪᠤᠷᠳᠤᠭᠤᠷ ᠪᠣᠷᠣᠯᠠᠭᠤᠯᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠡᠰᠡᠬᠦ᠂ ᠵᠢᠴᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠦᠨᠡᠮᠯᠡᠯ᠂ ᠪᠠᠷᠠᠭ᠎ᠠ ᠣᠷᠣᠭᠤᠯᠤᠭᠰᠠᠨ ᠡᠬᠡ ᠲᠠᠩᠰᠠ᠂ ᠪᠣᠷᠣᠯᠠᠭᠤᠯᠭ᠎ᠠ ᠶᠢᠨ ᠲᠡᠮᠳᠡᠭᠯᠡᠯ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠭᠡᠷᠡᠴᠢ ᠪᠠᠷᠢᠮᠲᠠ ᠵᠢᠴᠢ ᠬᠤᠳᠠᠯ ᠬᠠᠭᠤᠷᠮᠠᠭ ᠢ ᠰᠡᠷᠭᠡᠶᠢᠯᠡᠬᠦ ᠲᠡᠮᠳᠡᠭ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠬᠤ᠂ ᠡᠷᠬᠡ ᠳᠤ ᠬᠠᠯᠳᠠᠵᠤ ᠬᠤᠳᠠᠯ ᠬᠠᠭᠤᠷᠮᠠᠭ ᠲᠠᠸᠠᠷ ᠨᠡᠮᠡᠬᠦ᠂ ᠬᠠᠤᠯᠢ ᠪᠤᠰᠤ ᠪᠠᠷ ᠨᠡᠮᠡᠬᠦ᠂ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠦᠢᠯᠡᠳᠪᠦᠷᠢᠯᠡᠵᠦ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠪᠠ᠃ ᠪᠠᠶᠢᠴᠠᠭᠠᠯᠲᠠ ᠶᠢᠨ ᠬᠠᠮᠲᠤ᠂ ᠬᠤᠳᠠᠯᠳᠤᠭᠠᠨ ᠤ ᠡᠷᠦᠬᠡ ᠵᠢᠴᠢ ᠡᠷᠬᠢᠨ ᠲᠣᠭᠤᠷᠢᠨ ᠤ ᠣᠯᠠᠨ ᠲᠦᠮᠡᠨ ᠳᠤ ᠲᠠᠷᠢᠶᠠᠯᠠᠩ ᠤᠨ ᠬᠡᠷᠡᠭᠰᠡᠯ ᠤᠨ ᠠᠮᠤᠷ ᠲᠦᠪᠰᠢᠨ ᠤ ᠮᠡᠳᠡᠯᠭᠡ ᠵᠢᠴᠢ ᠲᠠᠷᠢᠶᠠᠯᠠᠩ ᠤᠨ ᠬᠡᠷᠡᠭᠰᠡᠯ ᠤᠨ ᠶᠠᠯᠠᠲᠤ ᠠᠵᠢᠯᠯᠠᠭ᠎ᠠ ᠶᠢᠨ ᠰᠣᠩᠭᠤᠳᠠᠭ ᠬᠡᠷᠡᠭ ᠤᠨ ᠵᠢᠱᠢᠶ᠎ᠡ ᠶᠢ ᠤᠬᠠᠭᠤᠯᠵᠤ᠂ ᠡᠭᠦᠨ ᠢᠶᠠᠷ ᠣᠯᠠᠨ ᠲᠦᠮᠡᠨ ᠤ ᠰᠡᠷᠭᠡᠶᠢᠯᠡᠬᠦ ᠤᠬᠠᠮᠰᠠᠷ ᠪᠠ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠪᠡ᠃    ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠪᠠᠷ ᠳᠡᠮᠵᠢᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠰᠡᠷᠭᠡᠶᠢᠯᠡᠪᠡ᠃ ᠳᠠᠷᠠᠭᠠᠴᠢ ᠶᠢᠨ ᠠᠯᠬᠤᠮ ᠳᠤ᠂ ᠱᠠᠩᠳᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠢᠨᠲᠠᠷᠠᠰᠢ ᠦᠭᠡᠢ ᠴᠢᠷᠮᠠᠶᠢᠵᠤ ᠪᠠᠶᠢᠭᠠᠳ ᠮᠠᠨ ᠤ ᠰᠢᠶᠠᠨ ᠤ ᠬᠠᠷᠢᠶ᠎ᠠ ᠣᠷᠣᠨ ᠤ ᠪᠤᠢ ᠪᠦᠬᠦᠢ ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ ᠨᠢᠭᠡᠳ ᠨᠢᠭᠡ ᠪᠠᠷ ᠪᠠᠶᠢᠴᠠᠭᠠᠯᠲᠠ ᠬᠢᠵᠦ᠂ ᠪᠦᠬᠦ ᠰᠢᠶᠠᠨ ᠤ ᠬᠠᠪᠤᠷ ᠤᠨ ᠲᠠᠷᠢᠶᠠᠯᠠᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2