ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
ᠨᠡᠶᠢᠲᠡᠯᠡᠭᠰᠡᠨ ᠴᠠᠭ᠄
2024/3/5
  ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠤᠷᠢ    ︵ᠨᠢᠭᠡ︶ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠲᠤᠭᠤᠷᠪᠢᠨ ᠪᠢᠴᠢᠬᠦ ᠪᠤᠶᠤ ᠬᠢᠨᠠᠨ ᠬᠠᠷᠭᠤᠭᠤᠯᠤᠨ᠎ᠠ︔ ︽ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠪᠣᠯᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ ᠵᠡᠷᠭᠡ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃    ︵ᠬᠤᠶᠠᠷ︶ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠠᠰᠠᠭᠤᠳᠠᠯ ᠢ ᠰᠤᠳᠤᠯᠵᠤ᠂ ᠬᠢᠨᠠᠭᠰᠠᠨ ᠰᠠᠨᠠᠯ ᠢᠶᠠᠨ ᠳᠤᠷᠠᠳᠴᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠤᠳᠤᠷᠢᠳᠬᠤ ᠨᠥᠬᠦᠳ ᠲᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃    ︵ᠭᠤᠷᠪᠠ︶ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠭᠤᠷᠣᠨᠳᠣᠬᠢ ᠴᠢᠬᠤᠯᠠ ᠠᠰᠠᠭᠤᠳᠠᠯ ᠢ ᠵᠣᠬᠢᠴᠠᠭᠤᠯᠵᠤ᠂ ᠱᠠᠩᠳᠤ ᠶᠢᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠵᠦ ᠲᠣᠭᠲᠠᠭᠠᠯᠭᠠᠨ᠎ᠠ᠃    ︵ᠲᠦᠷᠪᠡ︶ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠷᠠᠯ ᠤᠨ ᠵᠣᠬᠢᠶᠠᠨ ᠪᠠᠶᠢᠭᠤᠯᠵᠤ ᠪᠡᠯᠡᠳᠬᠡᠬᠦ ᠪᠠ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠵᠤ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠷᠠᠯ ᠤᠨ ᠲᠣᠭᠲᠠᠭᠠᠭᠰᠠᠨ ᠵᠦᠶ᠋ᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠲᠠᠪᠤ︶ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠲᠥᠷᠥᠯ ᠤᠨ ᠪᠢᠴᠢᠭ ᠮᠠᠲ᠋ᠧᠷᠢᠶᠠᠯ᠂ ᠬᠤᠷᠠᠯ ᠤᠨ ᠮᠠᠲ᠋ᠧᠷᠢᠶᠠᠯ ᠤᠨ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃    ︵ᠵᠢᠷᠭᠤᠭ᠎ᠠ︶ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠪᠢᠴᠢᠭ᠂ ᠬᠤᠷᠠᠯ ᠢᠶᠠᠷ ᠲᠣᠭᠲᠠᠭᠠᠭᠰᠠᠨ ᠤᠴᠢᠷ ᠶᠠᠪᠤᠳᠠᠯ ᠵᠢᠴᠢ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠯᠪᠣᠭᠳᠠᠯ ᠪᠦᠬᠦᠢ ᠵᠢᠭᠠᠪᠤᠷᠢ ᠶᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠪᠠ ᠮᠥᠷᠳᠡᠨ ᠪᠠᠶᠢᠴᠠᠭᠠᠨ ᠰᠤᠳᠤᠯᠤᠯᠲᠠ ᠬᠢᠵᠦ᠂ ᠴᠠᠭ ᠲᠤᠬᠠᠶ ᠳᠤᠨᠢ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠦᠨ᠎ᠡ︔ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠡᠭᠦᠷᠭᠡᠯᠡᠭᠰᠡᠨ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠳᠠ᠂ ᠱᠠᠩᠳᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃    ︵ᠳᠤᠯᠤᠭ᠎ᠠ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠴᠤᠭᠯᠠᠭᠤᠯᠬᠤ᠂ ᠡᠮᠬᠢᠯᠡᠬᠦ᠂ ᠳᠠᠮᠵᠢᠭᠤᠯᠬᠤ ᠵᠡᠷᠭᠡ ᠠᠵᠢᠯ ᠢ ᠬᠠᠷᠢᠭᠤᠴᠠᠵᠤ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠬᠤ ᠬᠡᠷᠡᠭᠲᠡᠶ᠃    ︵ᠨᠠᠢᠮᠠ︶ ᠪᠦᠬᠦ ᠰᠢᠶᠠᠨ ᠤ ᠭᠠᠳᠠᠭᠠᠳᠤ ᠶᠠᠪᠤᠳᠠᠯ ᠤᠨ ᠲᠠᠯ᠎ᠠ ᠶᠢᠨ ᠠᠵᠢᠯ ᠢ ᠬᠠᠷᠢᠭᠤᠴᠠᠨ᠎ᠠ᠃    ︵ᠶᠢᠰᠦ︶ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢ ᠬᠠᠮᠢᠶᠠᠷᠬᠤ ᠪᠠ ᠵᠣᠬᠢᠴᠠᠭᠤᠯᠬᠤ ᠶᠢ ᠬᠠᠷᠢᠭᠤᠴᠠᠨ᠎ᠠ᠃    ︵ᠠᠷᠪᠠ︶ ᠬᠥᠭᠵᠢᠭᠦᠯᠦᠯᠲᠡ ᠶᠢᠨ ᠰᠤᠳᠤᠯᠭᠠᠨ ᠤ ᠲᠥᠪ ᠤᠨ ᠲᠤᠬᠠᠶᠢᠯᠠᠭᠰᠠᠨ ᠠᠵᠢᠯ ᠢ ᠬᠠᠷᠢᠭᠤᠴᠠᠨ ᠬᠠᠮᠢᠶᠠᠷᠤᠨ᠎ᠠ᠃    ︵ᠠᠷᠪᠠᠨ ᠨᠢᠭᠡ︶ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠵᠢᠴᠢ ᠰᠢᠶᠠᠨ ᠤ ᠵᠠᠰᠠᠭ ᠤᠨ ᠣᠷᠳᠣᠨ ᠤ ᠰᠦᠯᠵᠢᠶᠡᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃    ︵ᠠᠷᠪᠠᠨ ᠬᠤᠶᠠᠷ︶ ᠰᠢᠶᠠᠨ ᠤ ᠵᠠᠰᠠᠭ ᠤᠨ ᠣᠷᠳᠣᠨ ᠪᠠ ᠰᠢᠶᠠᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠤᠴᠢᠷ ᠶᠠᠪᠤᠳᠠᠯ ᠢ ᠭᠦᠢᠴᠡᠳᠬᠡᠨ᠎ᠡ᠃    ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ    ︵ᠨᠢᠭᠡ︶ ᠨᠠᠷᠢᠨ ᠪᠢᠴᠢᠭ ᠤᠨ ᠲᠠᠰᠤᠭ᠃ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠡᠯ᠎ᠡ ᠲᠥᠷᠥᠯ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ︵ᠡᠯᠧᠺᠳ᠋ᠷᠣᠨ ᠠᠯᠪᠠᠨ ᠪᠢᠴᠢᠭ ᠪᠠᠭᠲᠠᠨ᠎ᠠ︶ ᠶᠢ ᠬᠠᠷᠢᠭᠤᠴᠠᠨ᠎ᠠ᠃︶ ᠲᠤᠭᠤᠷᠪᠢᠨ ᠪᠢᠴᠢᠬᠦ᠂ ᠡᠬᠡ ᠨᠣᠣᠷᠠᠭ ᠬᠢᠨᠠᠬᠤ᠂ ᠳᠠᠷᠤᠮᠠᠯᠯᠠᠨ ᠲᠠᠷᠬᠠᠭᠠᠬᠤ ᠠᠵᠢᠯ︔ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠡᠯ᠎ᠡ ᠲᠥᠷᠥᠯ ᠤᠨ ᠪᠢᠴᠢᠭ ᠮᠠᠲ᠋ᠧᠷᠢᠶᠠᠯ ᠤᠨ ᠵᠠᠭᠪᠤᠷ ᠢ ᠬᠢᠨᠠᠨ ᠬᠠᠷᠭᠤᠭᠤᠯᠵᠤ ᠡᠵᠡᠮᠳᠡᠬᠦ ᠶᠢ ᠬᠠᠷᠢᠭᠤᠴᠠᠨ᠎ᠠ︔ ᠠᠯᠪᠠᠨ ᠭᠡᠷ ᠤᠨ ᠠᠵᠢᠯ ᠤᠨ ᠳᠦᠷᠢᠮ᠂ ᠬᠠᠷᠠᠯᠲᠠ ᠡᠭᠦᠷᠭᠡ ᠶᠢᠨ ᠵᠠᠳᠠᠯᠤᠯᠲᠠ ᠶᠢᠨ ᠰᠠᠨᠠᠯ ᠢ ᠲᠤᠭᠤᠷᠪᠢᠨ ᠲᠣᠭᠲᠠᠭᠠᠨ᠎ᠠ᠃ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠬᠤᠷᠢᠶᠠᠨ ᠲᠠᠷᠬᠠᠭᠠᠬᠤ ᠠᠵᠢᠯᠯᠠᠭᠠᠨ᠂ ᠭᠦᠢᠴᠡᠳᠭᠡᠬᠦ᠂ ᠬᠤᠪᠢᠳᠠᠨ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠰᠢᠶᠠᠨ ᠤ ᠵᠠᠰᠠᠭ ᠤᠨ ᠣᠷᠳᠣᠨ ᠵᠢᠴᠢ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠬᠠᠷ᠎ᠠ ᠳᠠᠩᠰᠠ ᠡᠪᠬᠡᠮᠡᠯ ᠤᠨ ᠬᠠᠮᠢᠶᠠᠷᠤᠯᠲᠠ᠂ ᠨᠢᠭᠤᠴᠠ ᠴᠢᠮᠡᠭᠡ ᠬᠤᠯᠪᠣᠭ᠎ᠠ ᠪᠣᠯᠤᠨ ᠨᠢᠭᠤᠴᠠ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ︔ ᠪᠦᠬᠦ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ ᠪᠢᠴᠢᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠢ ᠵᠢᠯᠣᠭᠤᠳᠬᠤ ᠵᠡᠷᠭᠡ ᠠᠵᠢᠯ ᠢ ᠬᠠᠷᠢᠭᠤᠴᠠᠨ᠎ᠠ᠃ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ ᠶᠢᠨ ᠵᠢᠭᠠᠪᠤᠷᠢ ᠠᠪᠬᠤ ᠮᠡᠳᠡᠭᠦᠯᠦᠯᠲᠡ ᠶᠢᠨ ᠪᠢᠴᠢᠭ ᠮᠠᠲ᠋ᠧᠷᠢᠶᠠᠯ ᠪᠠ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ ᠴᠠᠬᠢᠯᠭᠠᠨ ᠴᠠᠬᠢᠯᠭᠠᠨ ᠢ ᠰᠢᠢᠳᠪᠦᠷᠢᠯᠡᠨ᠎ᠡ︔ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠠᠯᠪᠠᠨ ᠶᠠᠪᠤᠳᠠᠯ ᠤᠨ ᠠᠵᠢᠯᠯᠠᠭ᠎ᠠ ᠶᠢᠨ ᠲᠣᠬᠢᠷᠠᠭᠤᠯᠤᠯᠲᠠ ᠶᠢ ᠬᠠᠷᠢᠭᠤᠴᠠᠨ᠎ᠠ︔ ᠵᠠᠰᠠᠭ ᠤᠨ ᠣᠷᠳᠣᠨ ᠤ ᠪᠦᠷᠢᠯᠳᠦᠬᠦᠨ ᠭᠡᠰᠢᠭᠦᠳ ᠤᠨ ᠬᠤᠷᠠᠯ ᠵᠢᠴᠢ ᠰᠢᠶᠠᠨ ᠤ ᠵᠠᠰᠠᠭ ᠤᠨ ᠣᠷᠳᠣᠨ ᠤ ᠠᠵᠢᠯ ᠤᠨ ᠬᠤᠷᠠᠯ ᠵᠡᠷᠭᠡ ᠬᠤᠷᠠᠯ ᠤᠨ ᠶᠠᠪᠤᠳᠠᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠭᠡᠷ ᠤᠨ ᠬᠤᠯᠪᠣᠭᠳᠠᠯ ᠪᠦᠬᠦᠢ ᠬᠤᠷᠠᠯ ᠤᠨ ᠮᠡᠳᠡᠭᠳᠡᠯ ᠵᠢᠴᠢ ᠪᠤᠰᠤᠳ ᠬᠤᠷᠠᠯ ᠤᠨ ᠶᠠᠪᠤᠳᠠᠯ ᠤᠨ ᠦᠢᠯᠡᠴᠢᠯᠡᠭᠡ ᠪᠠ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ ᠶᠢᠨ ᠵᠣᠬᠢᠴᠠᠭᠤᠯᠬᠤ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠰᠢᠶᠠᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠮᠡᠳᠡᠭᠦᠯᠦᠨ ᠵᠥᠪᠰᠢᠶᠡᠷᠡᠭᠦᠯᠬᠦ ᠬᠤᠷᠠᠯ ᠤᠨ ᠬᠢᠨᠠᠨ ᠵᠥᠪᠰᠢᠶᠡᠷᠡᠬᠦ ᠠᠵᠢᠯ ᠢ ᠳᠠᠭᠠᠭᠠᠨ ᠭᠦᠢᠴᠡᠳᠬᠡᠨ᠎ᠡ᠃ ᠪᠦᠬᠦ ᠰᠢᠶᠠᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠯᠪᠠᠨ ᠶᠠᠪᠤᠳᠠᠯ ᠤᠨ ᠲᠡᠷᠭᠡ ᠬᠥᠰᠬᠡ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠳᠣᠲᠣᠭᠠᠳᠤ ᠠᠵᠢᠯ ᠵᠢᠴᠢ ᠰᠢᠶᠠᠨ ᠤ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠵᠢᠵᠢᠭᠦᠷᠯᠡᠬᠦ ᠠᠵᠢᠯ ᠢ ᠬᠠᠷᠢᠭᠤᠴᠠᠵᠤ᠂ ᠪᠦᠬᠦ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠵᠢᠵᠢᠭᠦᠷᠯᠡᠬᠦ ᠠᠵᠢᠯ ᠢ ᠵᠢᠯᠣᠭᠤᠳᠤᠨ᠎ᠠ᠃    ︵ᠬᠤᠶᠠᠷ︶ ᠶᠡᠷᠦᠩᠬᠡᠶᠢᠯᠡᠭᠰᠡᠨ ᠲᠠᠰᠤᠭ᠃ ᠳᠡᠭᠡᠳᠦ ᠱᠠᠲᠤᠨ ᠤ ᠴᠢᠭᠯᠡᠯᠲᠡ᠂ ᠲᠥᠷᠥ ᠶᠢᠨ ᠪᠣᠳᠣᠯᠭ᠎ᠠ ᠵᠢᠴᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ᠂ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠭᠠᠨ ᠡᠵᠡᠮᠰᠢᠬᠦ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠴᠢᠨᠠᠷᠲᠠᠶ ᠬᠤᠷᠠᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠠᠵᠢᠯ ᠵᠢᠴᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠪᠠᠶᠢᠩᠭᠤ ᠶᠢᠨ ᠬᠤᠷᠠᠯ ᠤᠨ ᠵᠥᠪᠯᠡᠬᠦ ᠰᠡᠳᠦᠪ ᠢ ᠴᠤᠭᠯᠠᠭᠤᠯᠬᠤ᠂ ᠲᠡᠮᠳᠡᠭᠯᠡᠬᠦ ᠵᠢᠴᠢ ᠲᠤᠭᠤᠷᠪᠢᠨ ᠪᠢᠴᠢᠬᠦ ᠲᠣᠪᠴᠢ ᠲᠡᠮᠳᠡᠭᠯᠡᠯ ᠵᠡᠷᠭᠡ ᠠᠵᠢᠯ ᠢ ᠬᠠᠷᠢᠭᠤᠴᠠᠨ᠎ᠠ᠃ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠡᠭᠦᠷ ᠵᠢᠴᠢ ᠨᠠᠮ ᠤᠨ ᠳᠤᠭᠤᠶᠢᠯᠠᠩ ᠤᠨ ᠨᠠᠮ ᠤᠨ ᠪᠠᠶᠢᠭᠤᠯᠤᠯᠲᠠ ᠶᠢᠨ ᠡᠬᠡ ᠪᠢᠴᠢᠭ ᠢ ᠲᠤᠭᠤᠷᠪᠢᠬᠤ᠂ ᠬᠢᠨᠠᠨ ᠬᠠᠷᠭᠤᠭᠤᠯᠬᠤ᠂ ᠮᠡᠳᠡᠭᠦᠯᠦᠨ ᠬᠦᠷᠭᠡᠬᠦ ᠵᠢᠴᠢ ᠵᠢᠷᠤᠮᠵᠢᠭᠤᠯᠤᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠰᠢᠶᠠᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠣᠨ ᠤ ᠲᠥᠯᠥᠪᠯᠡᠭᠡ᠂ ᠳ᠋ᠦᠩᠨᠡᠯᠲᠡ ᠵᠡᠷᠭᠡ ᠶᠡᠷᠦᠩᠬᠡᠶᠢᠯᠡᠭᠰᠡᠨ ᠴᠢᠨᠠᠷᠲᠠᠶ ᠦᠰᠦᠭ ᠪᠢᠴᠢᠭ ᠤᠨ ᠮᠠᠲ᠋ᠧᠷᠢᠶᠠᠯ ᠢ ᠲᠤᠭᠤᠷᠪᠢᠬᠤ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠵᠢᠴᠢ ᠨᠠᠮ ᠤᠨ ᠡᠭᠦᠷ ᠤᠨ ᠣᠨ ᠤ ᠰᠤᠷᠤᠯᠴᠠᠬᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠨᠠᠮ ᠤᠨ ᠭᠡᠰᠢᠭᠦᠨ ᠢ ᠬᠠᠮᠢᠶᠠᠷᠬᠤ᠂ ᠬᠢᠨᠠᠯᠲᠠ ᠲᠠᠯᠪᠢᠬᠤ ᠪᠠ ᠬᠠᠯᠠᠮᠵᠢᠯᠠᠨ ᠬᠠᠪᠰᠤᠷᠤᠨ ᠲᠡᠳᠬᠦᠬᠦ ᠠᠵᠢᠯ ᠢ ᠬᠠᠷᠢᠭᠤᠴᠠᠵᠤ᠂ ᠨᠠᠮ ᠤᠨ ᠡᠭᠦᠷ ᠢ ᠬᠠᠮᠵᠢᠨ ᠨᠠᠮ ᠤᠨ ᠭᠡᠰᠢᠭᠦᠨ ᠢ ᠬᠥᠮᠦᠵᠢᠭᠦᠯᠦᠨ ᠡᠯᠰᠡᠬᠦ ᠵᠢᠴᠢ ᠨᠠᠮ ᠤᠨ ᠰᠦᠢᠳᠬᠡᠯ ᠢ ᠬᠤᠷᠢᠶᠠᠨ ᠠᠪᠬᠤ ᠠᠵᠢᠯ ᠢ ᠰᠠᠶᠢᠲᠤᠷ ᠬᠢᠨ᠎ᠡ᠃ ᠠᠯᠪᠠᠨ ᠭᠡᠷ ᠤᠨ ᠤᠳᠤᠷᠢᠳᠤᠯᠭ᠎ᠠ ᠶᠢᠨ ᠲᠤᠰᠢᠶᠠᠭᠰᠠᠨ ᠬᠠᠮᠢᠶ᠎ᠠ ᠪᠦᠬᠦᠢ ᠶᠠᠪᠤᠳᠠᠯ ᠢ ᠭᠦᠢᠴᠡᠳᠬᠡᠨ᠎ᠡ᠃    ︵ᠭᠤᠷᠪᠠ︶ ᠨᠢᠭᠤᠴᠠ ᠶᠢ ᠬᠠᠮᠠᠭᠠᠯᠠᠬᠤ ᠲᠠᠰᠤᠭ᠃ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠬᠤᠷᠢᠶᠠᠨ ᠲᠠᠷᠬᠠᠭᠠᠬᠤ ᠠᠵᠢᠯᠯᠠᠭᠠᠨ᠂ ᠪᠢᠴᠢᠭ ᠮᠠᠲ᠋ᠧᠷᠢᠶᠠᠯ ᠤᠨ ᠵᠠᠭᠪᠤᠷ ᠬᠢᠨᠠᠨ ᠬᠠᠷᠭᠤᠭᠤᠯᠬᠤ᠂ ᠲᠠᠮᠠᠭ᠎ᠠ ᠶᠢᠨ ᠬᠠᠮᠢᠶᠠᠷᠤᠯᠲᠠ ᠶᠢᠨ ᠬᠠᠮᠢᠶᠠᠷᠤᠯᠲᠠ᠂ ᠪᠢᠴᠢᠭ ᠬᠠᠷ᠎ᠠ ᠳᠠᠩᠰᠠ ᠡᠪᠬᠡᠮᠡᠯ᠂ ᠨᠢᠭᠤᠴᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ︔ ᠪᠠᠶᠢᠭᠤᠯᠭ᠎ᠠ ᠶᠢᠨ ᠳᠣᠲᠣᠭᠠᠳᠤ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠡᠷᠬᠢᠯᠡᠭᠴᠢ᠂ ᠳᠡᠳ᠋ ᠡᠷᠬᠢᠯᠡᠭᠴᠢ ᠶᠢᠨ ᠲᠤᠰᠢᠶᠠᠭᠰᠠᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠢᠢᠳᠪᠦᠷᠢᠯᠡᠨ᠎ᠡ᠃    ︵ᠲᠦᠷᠪᠡ︶ ᠵᠠᠰᠠᠭ ᠵᠠᠬᠢᠷᠭᠠᠨ ᠤ ᠲᠠᠰᠤᠭ᠃ ᠪᠠᠶᠢᠭᠤᠯᠭ᠎ᠠ ᠶᠢᠨ ᠲᠣᠭᠲᠠᠮᠠᠯ ᠬᠥᠷᠥᠩᠭᠡ ᠶᠢ ᠳᠠᠩᠰᠠᠯᠠᠨ ᠬᠠᠮᠢᠶᠠᠷᠬᠤ᠂ ᠠᠯᠪᠠᠨ ᠬᠡᠷᠡᠭᠰᠡᠯ ᠵᠢᠴᠢ ᠪᠤᠰᠤᠳ ᠲᠥᠬᠦᠭᠡᠷᠦᠮᠵᠢ ᠶᠢ ᠬᠤᠳᠠᠯᠳᠤᠨ ᠠᠪᠬᠤ᠂ ᠬᠠᠮᠢᠶᠠᠷᠬᠤ᠂ ᠲᠣᠬᠢᠷᠠᠭᠤᠯᠤᠯᠲᠠ ᠬᠢᠬᠦ᠂ ᠬᠤᠪᠢᠶᠠᠷᠢᠯᠠᠬᠤ ᠵᠢᠴᠢ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔ ᠪᠠᠶᠢᠭᠤᠯᠭ᠎ᠠ ᠶᠢᠨ ᠰᠣᠨᠢᠨ ᠰᠡᠳᠬᠦᠯ ᠵᠠᠬᠢᠶᠠᠯᠠᠬᠤ᠂ ᠬᠤᠪᠢᠶᠠᠨ ᠲᠠᠷᠬᠠᠭᠠᠬᠤ ᠵᠢᠴᠢ ᠵᠠᠬᠢᠳᠠᠯ ᠢ ᠬᠦᠷᠭᠡᠬᠦ ᠠᠵᠢᠯ ᠢ ᠬᠠᠷᠢᠭᠤᠴᠠᠨ᠎ᠠ᠃ ᠰᠢᠶᠠᠨ ᠤ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠭᠡᠷ ᠲᠤ ᠢᠷᠡᠵᠦ ᠵᠠᠰᠠᠭ ᠤᠨ ᠶᠠᠪᠤᠳᠠᠯ ᠤᠨ ᠠᠵᠢᠯᠯᠠᠭ᠎ᠠ ᠶᠢ ᠬᠦᠯᠢᠶᠡᠨ ᠠᠪᠬᠤ ᠲᠥᠰᠦᠯ ᠢ ᠲᠣᠭᠲᠠᠭᠠᠬᠤ ᠪᠠ ᠬᠤᠯᠪᠣᠭᠳᠠᠯ ᠪᠦᠬᠦᠢ ᠬᠦᠯᠢᠶᠡᠨ ᠠᠪᠬᠤ ᠠᠵᠢᠯ ᠢ ᠬᠠᠷᠢᠭᠤᠴᠠᠨ᠎ᠠ᠃ ᠠᠯᠪᠠᠨ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠵᠡᠷᠭᠡ ᠠᠵᠢᠯ ᠢ ᠬᠠᠷᠢᠭᠤᠴᠠᠵᠤ᠂ ᠠᠯᠪᠠᠨ ᠬᠡᠷ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠤᠨ ᠲᠦᠷᠢᠮ ᠲᠣᠭᠲᠠᠭᠠᠯ ᠵᠢᠴᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠠᠯᠪᠠᠨ ᠬᠡᠷ ᠤᠨ ᠵᠠᠰᠠᠭ ᠵᠠᠬᠢᠷᠭᠠᠨ ᠤ ᠵᠠᠷᠤᠳᠠᠯ ᠢ ᠨᠠᠶᠢᠷᠠᠭᠤᠯᠤᠨ ᠵᠣᠬᠢᠶᠠᠬᠤ ᠲᠥᠯᠥᠪᠯᠡᠭᠡ᠂ ᠭᠤᠶᠤᠴᠢᠯᠠᠬᠤ᠂ ᠬᠡᠷᠡᠭᠯᠡᠬᠦ᠂ ᠲᠠᠩᠰᠠ ᠲᠠᠶᠢᠯᠬᠤ ᠶᠢ ᠡᠯ᠎ᠡ ᠲᠥᠷᠥᠯ ᠤᠨ ᠡᠳ᠋ ᠤᠨ ᠶᠠᠪᠤᠳᠠᠯ ᠤᠨ ᠮᠡᠳᠡᠭᠦᠯᠬᠦ ᠬᠦᠰᠦᠨᠦᠭᠲᠦ ᠶᠢ ᠨᠠᠶᠢᠷᠠᠭᠤᠯᠤᠨ ᠵᠣᠬᠢᠶᠠᠨ᠎ᠠ︔ ᠠᠯᠪᠠᠨ ᠬᠡᠷ ᠤᠨ ᠺᠠᠳ᠋ᠷ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ᠂ ᠨᠠᠰᠤᠵᠢᠯ ᠤᠨ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠤᠷᠢᠶᠠᠨ ᠠᠪᠬᠤ ᠵᠡᠷᠭᠡ ᠠᠵᠢᠯ ᠢ ᠬᠠᠷᠢᠭᠤᠴᠠᠨ᠎ᠠ᠃ ᠠᠯᠪᠠᠨ ᠭᠡᠷ ᠤᠨ ᠤᠳᠤᠷᠢᠳᠤᠯᠭ᠎ᠠ ᠶᠢᠨ ᠲᠤᠰᠢᠶᠠᠭᠰᠠᠨ ᠬᠠᠮᠢᠶ᠎ᠠ ᠪᠦᠬᠦᠢ ᠶᠠᠪᠤᠳᠠᠯ ᠢ ᠭᠦᠢᠴᠡᠳᠬᠡᠨ᠎ᠡ᠃    ︵ᠲᠠᠪᠤ︶ ᠰᠢᠪᠠᠳᠠᠨ ᠪᠠᠶᠢᠴᠠᠭᠠᠬᠤ ᠲᠠᠰᠤᠭ᠃ ᠰᠢᠶᠠᠨ ᠤ ᠵᠠᠰᠠᠭ ᠤᠨ ᠣᠷᠳᠣᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠪᠠᠶᠢᠷᠢᠯᠠᠭᠤᠯᠤᠯᠲᠠ ᠵᠢᠴᠢ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠭᠲᠠᠭᠠᠭᠰᠠᠨ ᠭᠤᠤᠯᠳᠠᠯᠭ᠎ᠠ ᠲᠠᠢ ᠠᠵᠢᠯ ᠢ ᠮᠥᠷᠳᠡᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠪᠢᠴᠢᠭ᠂ ᠬᠤᠷᠠᠯ ᠢᠶᠠᠷ ᠲᠣᠭᠲᠠᠭᠠᠭᠰᠠᠨ ᠤᠴᠢᠷ ᠶᠠᠪᠤᠳᠠᠯ ᠵᠢᠴᠢ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠯᠪᠣᠭᠳᠠᠯ ᠪᠦᠬᠦᠢ ᠵᠢᠭᠠᠪᠤᠷᠢ ᠶᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠵᠤ᠂ ᠴᠠᠭ ᠲᠤᠬᠠᠶ ᠳᠤᠨᠢ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠬᠦ ᠬᠡᠷᠡᠭᠲᠡᠶ᠃ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠡᠭᠦᠷᠭᠡᠯᠡᠵᠦ ᠪᠠᠶᠢᠭ᠎ᠠ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ᠂ ᠱᠠᠩᠳᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠰᠢᠶ᠋ᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃    ︵ᠵᠢᠷᠭᠤᠭ᠎ᠠ︶ ᠮᠡᠳᠡᠭᠡ ᠵᠠᠩᠭᠢ ᠶᠢ ᠪᠠᠶᠢᠴᠠᠭᠠᠨ ᠰᠤᠳᠤᠯᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠲᠠᠰᠤᠭ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠰᠤᠷᠪᠤᠯᠵᠢᠯᠠᠨ ᠨᠠᠶᠢᠷᠠᠭᠤᠯᠬᠤ᠂ ᠵᠠᠳᠠᠯᠬᠤ ᠂ ᠡᠮᠬᠢᠯᠡᠬᠦ᠂ ᠬᠠᠷᠢᠭᠤ ᠲᠤᠰᠬᠠᠬᠤ᠂ ᠪᠠ ᠮᠡᠳᠡᠭᠦᠯᠦᠨ ᠬᠦᠷᠭᠡᠵᠦ ᠨᠡᠶᠢᠲᠡᠯᠡᠬᠦ ᠵᠡᠷᠭᠡ ᠠᠵᠢᠯ ᠢ ᠬᠠᠷᠢᠭᠤᠴᠠᠨ᠎ᠠ᠃    ᠬᠠᠶ᠋ᠢᠭ᠄ ᠱᠠᠩᠳᠤ ᠰᠢᠶᠠᠨ ᠤ ᠴᠢ ᠲᠠᠢ ᠪᠠᠯᠭᠠᠰᠤᠨ ᠤ ᠠᠮᠢ ᠠᠬᠤᠶ ᠶᠢᠨ ᠲᠠᠯᠠᠪᠠᠶ ᠶᠢᠨ ᠤᠮᠠᠷᠠᠲᠤ ᠶᠢᠨ ᠨᠠᠮ ᠵᠠᠰᠠᠭ ᠤᠨ ᠲᠣᠮᠣ ᠠᠰᠠᠷ ᠤᠨ ᠭᠤᠤᠯ ᠠᠰᠠᠷ    ᠠᠯᠪᠠᠯᠠᠬᠤ ᠴᠠᠭ᠄ 9᠄ 00 - 12᠄ 00᠂ 14᠄ 30-18᠄ 00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠳᠡᠯ᠎ᠡ᠂ ᠬᠠᠤᠯᠢ ᠪᠠᠷ ᠲᠤᠭᠳᠠᠭᠠᠭᠰᠠᠨ ᠪᠠᠶᠠᠷ ᠲᠤᠷᠠᠰᠬᠠᠯ ᠠᠮᠠᠷᠠᠯᠳᠠ ᠶᠢᠨ ᠡᠳᠦᠷ ᠠᠴᠠ ᠭᠠᠳᠠᠨ᠎ᠠ︶    ᠬᠠᠷᠢᠯᠴᠠᠬᠤ ᠤᠲᠠᠰᠤ᠄ 0474 - 6917125    ᠬᠠᠷᠢᠭᠤᠴᠠᠯᠭᠠᠲᠠᠨ᠄ ᠰᠢᠶᠤᠤ ᠵᠢᠶᠠᠨ ᠵᠥᠩ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2