ᠱᠠᠩᠳᠤ ᠰᠢᠶᠠᠨ᠄ ᠰᠢᠨᠵᠢᠯᠡᠬᠦ ᠤᠬᠠᠭᠠᠨ ᠮᠡᠷᠭᠡᠵᠢᠯ ᠤᠨ ᠦᠶ᠋ᠯᠡᠴᠢᠯᠡᠭᠡ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/4/1
  ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠦᠶ᠎ᠡ ᠳᠤ᠂ ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠠᠷᠢᠶᠠᠨ ᠭᠠᠵᠠᠷ ᠲᠤ ᠭᠦᠨᠵᠡᠭᠡᠶᠢᠷᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠢᠯᠣᠭᠤᠳᠬᠤ ᠠᠵᠢᠯ ᠢ ᠥᠷᠨᠢᠭᠦᠯᠵᠦ᠂ ᠡᠨᠡ ᠵᠢᠯ ᠤᠨ ᠠᠵᠤ ᠦᠢᠯᠡᠰ ᠤᠨ ᠡᠯᠪᠡᠭ ᠬᠤᠷᠢᠶᠠᠯᠲᠠ ᠳᠤ ᠰᠠᠭᠤᠷᠢ ᠲᠠᠯᠪᠢᠵᠤ᠂ ᠰᠠᠶᠢᠨ ᠡᠬᠢᠯᠡᠯᠲᠡ ᠲᠠᠢ ᠪᠣᠯᠭᠠᠪᠠ᠃    ᠯᠦ ᠮᠠᠨ ᠪᠣᠯ ᠱᠠᠩᠳᠤ ᠰᠢᠶᠠᠨ ᠤ ᠴᠢ ᠲᠠᠢ ᠪᠠᠯᠭᠠᠰᠤᠨ ᠤ ᠰᠢ ᠹᠠᠩ ᠽᠢ ᠲᠣᠰᠬᠤᠨ ᠤ ᠨᠢᠭᠡᠨ ᠢᠳᠡᠰᠢᠨ ᠨᠣᠭᠤᠭ᠎ᠠ ᠲᠠᠷᠢᠬᠤ ᠲᠣᠮᠣ ᠡᠷᠦᠬᠡ ᠪᠣᠯᠤᠨ᠎ᠠ᠂ ᠲᠡᠭᠦᠨ ᠤ ᠴᠠᠭᠠᠨ ᠨᠣᠭᠤᠭ᠎ᠠ ᠶᠢᠨ ᠴᠢᠬᠢ ᠪᠤᠶᠢᠵᠢᠭᠤᠯᠬᠤ ᠬᠦᠯᠡᠮᠵᠢ ᠳᠤ ᠨᠣᠭᠤᠭᠠᠨ ᠲᠣᠰᠣᠯᠢᠭ ᠴᠠᠭᠠᠨ ᠨᠣᠭᠤᠭ᠎ᠠ ᠶᠢᠨ ᠴᠢᠬᠢ ᠶᠢᠨ ᠤᠷᠭᠤᠴᠠ ᠨᠢ ᠬᠥᠮᠦᠨ ᠢ ᠪᠠᠶᠠᠰᠬᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠬᠡᠳᠦ᠋ᠢᠪᠡᠷ ᠴᠠᠭᠠᠨ ᠨᠣᠭᠤᠭ᠎ᠠ ᠲᠠᠷᠢᠭᠰᠠᠨ ᠨᠢ ᠣᠯᠠᠨ ᠵᠢᠯ ᠪᠣᠯᠤᠭᠰᠠᠨ ᠪᠣᠯᠪᠠᠴᠤ ᠲᠠᠷᠢᠭᠰᠠᠨ ᠲᠤᠷᠰᠢᠯᠭ᠎ᠠ ᠨᠢ ᠪᠠᠭ᠎ᠠ ᠪᠤᠰᠤ ᠪᠣᠯᠪᠠᠴᠤ ᠲᠠᠷᠢᠬᠤ ᠶᠠᠪᠤᠴᠠ ᠳᠤ ᠪᠠᠰᠠ ᠪᠠᠶᠢᠨ ᠪᠠᠶᠢᠨ ᠵᠠᠷᠢᠮ ᠠᠰᠠᠭᠤᠳᠠᠯ ᠲᠤᠯᠭᠠᠷᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠬᠠᠪᠰᠤᠷᠤᠨ ᠰᠢᠢᠳᠪᠦᠷᠢᠯᠡᠵᠦ ᠥᠭᠬᠦ ᠴᠢᠬᠤᠯᠠᠲᠠᠶ ᠶᠤᠮ᠃    ᠱᠠᠩᠳᠤ ᠰᠢᠶᠠᠨ ᠤ ᠴᠢ ᠲᠠᠢ ᠪᠠᠯᠭᠠᠰᠤᠨ ᠤ ᠰᠢ ᠹᠠᠩ ᠽᠢ ᠲᠣᠰᠬᠤᠨ ᠤ ᠲᠠᠷᠢᠮᠠᠯ ᠤᠨ ᠡᠷᠦᠬᠡ ᠯᠦ ᠮᠠᠨ ᠬᠡᠯᠡᠭᠰᠡᠨ ᠨᠢ᠄ ︽ᠪᠢ 3 ᠰᠠᠷ᠎ᠠ ᠠᠴᠠ ᠴᠢᠬᠢ ᠪᠤᠶᠢᠵᠢᠭᠤᠯᠵᠤ ᠢᠷᠡᠭᠰᠡᠨ ᠤ ᠳᠠᠷᠠᠭ᠎ᠠ᠂ ᠤᠷᠭᠤᠯᠲᠠ ᠮᠠᠰᠢ ᠰᠠᠶᠢᠨ ᠪᠠᠶᠢᠨ᠎ᠠ᠃ ᠭᠡᠲᠡᠯ᠎ᠡ ᠨᠢᠭᠡ ᠮᠢᠶᠤᠤ ᠫᠢᠯᠠ ᠮᠠᠭᠤ ᠪᠠᠶᠢᠨ᠎ᠠ ᠵᠢᠭᠠᠬᠠᠨ ᠳᠣᠷᠣᠢ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠲᠠᠢ ᠰᠤᠳᠤᠯᠤᠨ ᠶᠠᠷᠢᠯᠴᠠᠬᠤ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠭᠡᠷᠡᠯ ᠤᠨ ᠱᠤᠭᠤᠮ ᠬᠦᠷᠦᠯᠴᠡᠬᠦ ᠦᠭᠡᠢ᠂ ᠪᠤᠷᠳᠤᠭᠤᠷ ᠲᠡᠭᠰᠢ ᠪᠤᠰᠤ᠂ ᠡᠯ᠎ᠡ ᠵᠦᠢᠯ ᠤᠨ ᠰᠢᠯᠲᠠᠭᠠᠨ ᠤ ᠪᠤᠢ ᠪᠣᠯᠤᠭᠰᠠᠨ ᠠᠴᠠ ᠪᠤᠯᠵᠤ᠂ ᠠᠷᠤ ᠳᠤᠨᠢ ᠰᠦᠷᠴᠢᠯᠲᠡ ᠶᠢᠨ ᠴᠡᠭ ᠤᠨ ᠥᠰᠥᠯᠲᠡ ᠶᠢᠨ ᠡᠳ᠋ ᠢ ᠠᠭᠠᠵᠢᠮ ᠢᠶᠠᠷ ᠳᠡᠭᠡᠭᠰᠢᠯᠡᠭᠦᠯᠵᠦ᠂ ᠬᠡᠳᠦᠨ ᠡᠳᠦᠷ ᠤᠨ ᠳᠣᠲᠣᠷ᠎ᠠ ᠴᠢᠬᠢᠯᠡᠵᠦ᠂ ᠴᠠᠭ ᠪᠣᠯᠪᠠᠯ ᠪᠦᠬᠦ ᠤᠷᠭᠤᠯᠲᠠ ᠶᠢᠨ ᠬᠤᠭᠤᠴᠠᠭ᠎ᠠ ᠪᠣᠯᠤᠭᠰᠠᠨ ᠪᠠᠶᠢᠨ᠎ᠠ︾ ᠭᠡᠵᠦ ᠬᠡᠯᠡᠪᠡ᠃    ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠴᠢᠭᠯᠡᠭᠦᠯᠦᠨ᠂ ᠱᠠᠩᠳᠤ ᠰᠢᠶᠠᠨ ᠡᠷᠲᠡᠬᠡᠨ ᠠᠷᠭ᠎ᠠ ᠰᠦᠪᠡᠭᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠢ ᠢᠳᠡᠪᠬᠢᠲᠡᠢ ᠵᠣᠬᠢᠶᠠᠨ ᠪᠠᠶᠢᠭᠤᠯᠵᠤ ᠪᠠᠶᠢᠭᠠᠳ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠬᠦᠷᠴᠦ᠂ ᠪᠦᠬᠦ ᠰᠢᠶᠠᠨ ᠤ ᠭᠤᠣᠯᠯᠠᠬᠤ ᠠᠵᠤ ᠦᠢᠯᠡᠰ ᠪᠣᠯᠤᠨ ᠲᠠᠷᠢᠶᠠᠯᠠᠩ ᠤᠨ ᠠᠵᠤ ᠦᠢᠯᠡᠰ ᠤᠨ ᠪᠣᠳᠠᠲᠤ ᠪᠠᠶᠢᠳᠠᠯ ᠤᠨ ᠲᠣᠭᠤᠷᠢᠨ ᠳᠤ᠂ ᠮᠡᠷᠭᠡᠵᠢᠯ ᠤᠨ ᠪᠣᠯᠪᠠᠰᠤᠷᠠᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ ᠲᠤᠬᠠᠢ ᠶᠢᠨ ᠲᠠᠯᠠᠪᠠᠢ ᠳᠤ ᠲᠠᠶᠢᠯᠤᠮᠵᠢ ᠬᠢᠵᠦ᠂ ︽ᠨᠢᠭᠤᠷᠳᠠᠬᠤ᠂ ᠴᠡᠭ ᠠᠴᠠ ᠴᠡᠭ ᠲᠤ ᠬᠦᠷᠬᠦ︾ ᠮᠠᠶ᠋ᠢᠭ ᠤᠨ ᠮᠡᠷᠭᠡᠵᠢᠯ ᠤᠨ ᠵᠢᠯᠤᠭᠤᠳᠤᠯᠭ᠎ᠠ ᠶᠢᠨ ᠦᠢᠯᠡᠴᠢᠯᠡᠭᠡ ᠬᠢᠵᠦ᠂ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ︾ ᠢᠶᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦᠨ ᠨᠡᠮᠡᠷᠢᠯᠡᠵᠦ᠂ ᠮᠡᠷᠭᠡᠵᠢᠯ ᠤᠨ ᠬᠠᠩᠭᠠᠯᠭ᠎ᠠ ᠶᠢᠨ ᠲᠠᠰᠤᠷᠠᠯᠳᠡ ᠦᠭᠡᠢ ᠪᠠᠶᠢᠬᠤ ᠶᠢ ᠪᠠᠲᠤᠯᠠᠪᠠ᠃    ᠱᠠᠩᠳᠤ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠳ᠋ᠦ᠋ ᠰᠢᠶᠤᠤ ᠶᠦᠨ᠄ ︽ᠡᠨᠡ ᠬᠦ ᠱᠠᠲᠤᠨ ᠳᠤ ᠪᠢᠳᠡ ᠭᠤᠤᠯᠳᠠᠭᠤ ᠡᠯ᠎ᠡ ᠬᠥᠳᠡᠭᠡ ᠲᠣᠰᠬᠤᠨ ᠳᠤ ᠭᠦᠨᠵᠡᠭᠡᠶᠢᠷᠡᠵᠦ᠂ ᠨᠠᠮ ᠤᠨ ᠲᠠᠷᠢᠶᠠᠯᠠᠩ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢ ᠤᠬᠠᠭᠤᠯᠬᠤ ᠶᠢᠨ ᠬᠠᠮᠲᠤ ᠣᠳᠣᠬᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠳᠤᠮᠳᠠᠬᠢ ᠲᠠᠷᠢᠶᠠᠴᠢᠳ ᠲᠤ ᠲᠤᠯᠭᠠᠷᠠᠭᠰᠠᠨ ᠮᠡᠷᠭᠡᠵᠢᠯ ᠤᠨ ᠬᠦᠴᠢᠷ ᠠᠰᠠᠭᠤᠳᠠᠯ ᠢ ᠨᠢᠭᠡ ᠯᠡ ᠳᠡᠭᠡᠷ᠎ᠡ ᠰᠢᠢᠳᠪᠤᠷᠢᠯᠡᠵᠦ ᠥᠭᠪᠡᠯ ᠳᠠᠷᠤᠶ ᠰᠢᠢᠳᠪᠦᠷᠢᠯᠡᠨ᠎ᠡ︾ ᠭᠡᠪᠡ᠃    ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯᠯᠠᠭ᠎ᠠ ᠳᠤ ᠬᠦᠴᠦᠨ ᠨᠡᠮᠡᠷᠢᠯᠡᠵᠦ᠂ ᠥᠷᠭᠡᠨ ᠣᠯᠠᠨ ᠲᠠᠷᠢᠶᠠᠴᠢᠳ ᠤᠨ ᠲᠠᠷᠢᠮᠠᠯ ᠤᠨ ᠦᠶ᠋ᠯᠡᠰ ᠤᠨ ᠢᠳᠡᠪᠬᠢᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠲᠡᠶ ᠮᠡᠷᠭᠡᠵᠢᠯ ᠤᠨ ᠳᠡᠮᠵᠢᠯᠭᠡ ᠬᠠᠩᠭᠠᠵᠠᠶ᠃ᠣᠷᠴᠢᠭᠤᠯᠣᠭᠴᠢ᠄   ᠬᠠᠨᠠᠭᠠᠷ ᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2