ᠱᠠᠩᠳᠤ ᠰᠢᠶᠠᠨ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/10
   ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠨᠠᠩ ᠰᠠᠶᠢᠲᠤᠷ ᠠᠬᠢᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠳᠦᠷᠢᠮᠵᠢᠭᠦᠯᠵᠦ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠬᠥᠭᠵᠢᠭᠦᠯᠬᠦ ᠳᠤ ᠬᠦᠴᠦᠨ ᠨᠡᠮᠡᠷᠢᠯᠡᠵᠦ᠂ ᠰᠢᠶᠠᠨ ᠤ ᠬᠡᠪᠴᠢᠶᠡᠨ ᠤ ᠦᠨᠡᠨᠴᠢ ᠢᠲᠡᠭᠡᠮᠵᠢ ᠶᠢᠨ ᠨᠠᠩ ᠰᠠᠶᠢᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 4 ᠰᠠᠷ᠎ᠠ ᠶᠢᠨ 9 ᠤ ᠡᠳᠦᠷ᠂ ᠱᠠᠩᠳᠤ ᠰᠢᠶᠠᠨ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠳᠤᠭᠤᠶᠢᠯᠠᠩ ᠵᠢᠴᠢ ᠡᠯ᠎ᠡ ᠬᠠᠮᠵᠢᠯᠴᠠᠬᠤ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠪᠦᠷᠢᠯᠳᠦᠬᠦᠨ ᠬᠤᠷᠠᠯ ᠳᠤ ᠣᠷᠣᠯᠴᠠᠵᠠᠶ᠃    ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠪᠠᠲᠤᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ ᠪᠠᠷᠢᠮᠵᠢᠶ᠎ᠠ ᠶᠢ ᠡᠵᠡᠮᠳᠡᠵᠦ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠡᠯ᠎ᠡ ᠵᠦᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠬᠤᠶᠠᠷ ᠲᠤ᠂ ᠡᠭᠦᠷᠭᠡ ᠶᠢᠨ ᠨᠠᠷᠢᠨ ᠳᠠᠩᠰᠠ ᠶᠢ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠵᠢᠯ ᠤᠨ ᠠᠬᠢᠴᠠ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠦᠨᠡᠯᠡᠨ ᠵᠢᠱᠢᠵᠦ ᠬᠢᠨᠠᠨ ᠰᠢᠯᠭᠠᠬᠤ ᠶᠢ ᠴᠢᠩᠭᠠᠳᠬᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠡᠭᠦᠷᠭᠡ ᠶᠢᠨ ᠠᠬᠢᠴᠠ ᠶᠢ ᠴᠠᠭ ᠲᠤᠬᠠᠢ ᠳᠤᠨᠢ ᠠᠬᠢᠭᠤᠯᠵᠤ᠂ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠡᠶ᠎ᠡ ᠪᠠᠨ ᠳᠠᠭᠠᠭᠠᠵᠤ ᠦᠨᠡᠯᠡᠨ ᠵᠢᠱᠢᠵᠦ᠂ ᠡᠭᠦᠷᠭᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ᠃ ᠲᠦᠷᠪᠡ ᠳᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠡᠭᠦᠷᠭᠡ ᠶᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠦᠨᠡᠨᠴᠢ ᠢᠲᠡᠭᠡᠮᠵᠢᠲᠡᠢ ᠪᠠᠶᠢᠬᠤ ᠶᠢ ᠬᠡᠪ ᠰᠤᠷᠲᠠᠯ ᠪᠣᠯᠭᠠᠵᠤ᠂ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃    ᠣᠷᠴᠢᠭᠤᠯᠣᠭᠴᠢ᠄  ᠬᠠᠨᠠᠭᠠᠷᠬᠢᠨᠠᠭᠴᠢ  ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2