ᠱᠠᠩᠳᠤ ᠰᠢᠶᠠᠨ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠲᠤᠰᠬᠠᠶ ᠠᠬᠢᠭᠤᠯᠬᠤ ᠳᠤᠭᠤᠶᠢᠯᠠᠩ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/10
  4 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠪᠦᠬᠦ ᠰᠢᠶᠠᠨ ᠤ ᠨᠡᠶᠢᠭᠡᠮ ᠤᠨ ᠢᠲᠡᠭᠡᠮᠵᠢ ᠶᠢᠨ ᠲᠤᠰᠬᠠᠢ ᠠᠬᠢᠭᠤᠯᠬᠤ ᠳᠤᠭᠤᠶᠢᠯᠠᠩ ᠤᠨ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠡᠯ᠎ᠡ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠭᠰᠠᠨ ᠪᠥᠭᠡᠳ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃    ᠬᠤᠷᠠᠯ ᠠᠴᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯ ᠡᠨᠡ ᠵᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠦᠴᠦᠲᠡᠢ ᠠᠬᠢᠭᠤᠯᠬᠤ ᠴᠢᠬᠤᠯᠠ ᠶᠡᠭᠡ ᠢᠨᠵᠧᠨᠧᠷᠢᠩ ᠪᠣᠯᠤᠨ᠎ᠠ᠃ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠶ ᠠᠬᠢᠭᠤᠯᠬᠤ ᠳᠤᠭᠤᠶᠢᠯᠠᠩ ᠤᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠷᠭ᠎ᠠ ᠰᠦᠪᠡᠭᠴᠢᠯᠡᠨ ᠬᠡᠷᠡᠭᠵᠢᠭᠦᠯᠵᠦ᠂ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠨ᠂ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠬᠤᠶᠠᠷ ᠲᠤ᠂ ᠰᠤᠷᠤᠯᠴᠠᠨ ᠰᠤᠳᠤᠯᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠣᠨ ᠤ ᠭᠤᠤᠯᠳᠠᠯᠭ᠎ᠠ ᠲᠠᠢ ᠡᠭᠦᠷᠭᠡ ᠪᠣᠯᠭᠠᠨ ᠠᠬᠢᠭᠤᠯᠵᠤ᠂ ︽ᠱᠠᠩᠳᠤ ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠤᠨ ᠡᠯ᠎ᠡ ᠵᠦᠢᠯ ᠤᠨ ᠠᠭᠤᠯᠭ᠎ᠠ ᠲᠠᠢ ᠬᠠᠷᠭᠤᠭᠤᠯᠵᠤ᠂ ᠬᠠᠮᠢᠶ᠎ᠠ ᠪᠥᠬᠦᠶ ᠨᠠᠷᠢᠨ ᠲᠦᠷᠢᠮ ᠢ ᠵᠦᠢᠯ ᠳᠠᠷᠠᠭᠠᠯᠠᠨ ᠵᠠᠳᠠᠯᠤᠨ ᠰᠤᠳᠤᠯᠵᠤ᠂ ᠲᠣᠰ ᠨᠢᠭᠡᠴᠡ ᠶᠢᠨ ᠢᠶᠠᠨ ᠬᠠᠮᠢᠶ᠎ᠠ ᠪᠥᠬᠦᠶ ᠠᠵᠢᠯ ᠤᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠠᠵᠢᠯ ᠤᠨ ᠭᠤᠤᠯᠳᠠᠯᠭ᠎ᠠ ᠶᠢ ᠡᠵᠡᠮᠳᠡᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠡᠳᠦᠷ ᠲᠤᠲᠤᠮ ᠤᠨ ᠠᠵᠢᠯ ᠳᠤ ᠠᠭᠤᠰᠬᠠᠨ ᠣᠷᠣᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠭᠡᠨ ᠤ ᠰᠢᠨ᠎ᠡ ᠪᠠᠶᠢᠳᠠᠯ ᠢ ᠢᠳᠡᠪᠬᠢᠲᠡᠶ ᠥᠷᠭᠡᠳᠬᠡᠨ᠂ ᠭᠤᠤᠯᠳᠠᠯᠭ᠎ᠠ ᠲᠠᠢ ᠬᠦᠷᠢᠶᠡᠨ ᠳᠠᠬᠢ ᠬᠤᠪᠢ ᠬᠥᠮᠦᠨ ᠤ ᠦᠨᠡᠨᠴᠢ ᠢᠲᠡᠭᠡᠮᠵᠢ ᠶᠢᠨ ᠲᠡᠮᠳᠡᠭᠯᠡᠯ ᠪᠠᠶᠢᠭᠤᠯᠬᠤ ᠶᠢ ᠠᠬᠢᠭᠤᠯᠵᠤ᠂ ᠢᠲᠡᠭᠡᠯ ᠠᠯᠳᠠᠭᠰᠠᠨ ᠭᠤᠤᠯ ᠴᠣᠭᠴᠠ ᠶᠢᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠶᠢ ᠲᠠᠰᠤᠷᠠᠯᠲᠠ ᠥᠬᠡᠶ ᠴᠢᠩᠭᠠᠳᠬᠠᠨ᠂ ᠭᠤᠤᠯᠳᠠᠯᠭ᠎ᠠ ᠲᠠᠢ ᠬᠦᠷᠢᠶᠡᠨ ᠳᠠᠬᠢ ᠢᠲᠡᠭᠡᠯ ᠠᠯᠳᠠᠭᠰᠠᠨ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠥᠷᠨᠢᠭᠦᠯᠵᠦ᠂ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠬᠤᠯᠠᠴᠢᠯᠠᠨ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠬᠡᠷᠡᠭ ᠤᠨ ᠰᠦᠪᠡᠭᠴᠢ ᠶᠢ ᠵᠢᠭᠰᠠᠭᠠᠨ ᠪᠠᠶᠢᠴᠠᠭᠠᠵᠤ᠂ ᠨᠢᠭᠡ ᠪᠦᠯᠦᠭ ᠡᠵᠡᠩᠨᠡᠯᠲᠡ ᠶᠢᠨ ᠭᠤᠤᠯ ᠴᠣᠭᠴᠠ ᠶᠢ ᠵᠠᠯᠬᠠᠭᠠᠨ ᠴᠡᠭᠡᠷᠯᠡᠭᠦᠯᠵᠦ᠂ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠵᠦ᠂ ᠦᠨᠡᠨᠴᠢ ᠢᠲᠡᠭᠡᠮᠵᠢ ᠶᠢᠨ ᠰᠣᠶᠣᠯ ᠢ ᠰᠤᠳᠤᠯᠤᠨ ᠲᠠᠶᠢᠯᠪᠤᠷᠢᠯᠠᠬᠤ ᠪᠠ ᠦᠨᠡᠨᠴᠢ ᠢᠲᠡᠭᠡᠮᠵᠢ ᠲᠠᠢ ᠠᠵᠤ ᠠᠬᠤᠶᠢᠯᠠᠯ ᠪᠠ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠦᠨᠡᠨᠴᠢ ᠢᠲᠡᠭᠡᠮᠵᠢ ᠲᠠᠢ ᠬᠥᠮᠦᠰ ᠢ ᠳᠡᠯᠡᠬᠡᠶ ᠳ᠋ᠠᠬᠢᠨ ᠳᠤ ᠰᠠᠭᠠᠳ ᠥᠬᠡᠶ ᠶᠠᠪᠤᠭᠤᠯᠵᠤ᠂ ᠢᠲᠡᠭᠡᠯ ᠠᠯᠳᠠᠭᠰᠠᠳ ᠢ ᠥᠴᠦᠬᠡᠨ ᠲᠡᠳᠦᠶ ᠴᠦ ᠠᠯᠬᠤᠬᠤ ᠳᠤ ᠪᠡᠷᠬᠡ ᠪᠠᠶᠢᠬᠤ︾ ᠦᠵᠡᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃ ᠲᠦᠷᠪᠡ ᠳᠤ᠂ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃ ᠢᠳᠡᠪᠬᠢᠲᠡᠢ ᠬᠠᠮᠵᠢᠯᠴᠠᠨ ᠠᠵᠢᠯᠯᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠲᠤᠰᠬᠠᠢ ᠠᠬᠢᠭᠤᠯᠬᠤ ᠳᠤᠭᠤᠶᠢᠯᠠᠩ ᠤᠨ ᠠᠯᠪᠠᠨ ᠭᠡᠷ ᠵᠣᠬᠢᠶᠠᠨ ᠪᠠᠶᠢᠭᠤᠯᠵᠤ ᠵᠣᠬᠢᠴᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠲᠠᠢ ᠵᠣᠯᠭᠠᠭᠤᠯᠤᠭᠰᠠᠨ ᠠᠬᠢᠴᠠ ᠶᠢᠨ ᠪᠠᠶᠢᠳᠠᠯ ᠢᠶᠠᠨ ᠴᠠᠭ ᠲᠤᠬᠠᠢ ᠳᠤᠨᠢ ᠰᠠᠶᠢᠲᠤᠷ ᠪᠠᠳᠠᠷᠠᠭᠤᠯᠵᠤ᠂ ᠭᠠᠷᠠᠭ ᠢᠶᠠᠷ ᠲᠤᠬᠢᠷᠠᠭᠤᠯᠵᠤ᠂ ᠰᠠᠷ᠎ᠠ ᠪᠠᠷ ᠬᠢᠨᠠᠨ ᠰᠢᠯᠭᠠᠵᠤ᠂ ᠠᠰᠠᠭᠤᠳᠠᠯ ᠢ ᠬᠠᠮᠲᠤᠪᠠᠷ ᠰᠤᠳᠤᠯᠤᠨ ᠰᠢᠢᠳᠪᠦᠷᠢᠯᠡᠵᠦ᠂ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠪᠠᠲᠤᠯᠠᠵᠤ᠂ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠲᠠᠪᠤ ᠳᠤ᠂ ᠠᠭᠤᠷ ᠠᠮᠢᠰᠬᠤᠯ ᠢ ᠪᠤᠢ ᠪᠣᠯᠭᠠᠬᠤ ᠶᠢ ᠴᠢᠩᠭᠠᠳᠬᠠᠬᠤ ᠬᠡᠷᠡᠭᠲᠡᠢ᠃ ᠨᠡᠶᠢᠲᠡᠯᠢᠭ ᠵᠢᠱᠢᠶ᠎ᠡ ᠶᠢ ᠰᠣᠩᠭᠤᠨ ᠪᠤᠢ ᠪᠣᠯᠭᠠᠬᠤ ᠶᠢ ᠴᠢᠩᠭᠠᠳᠬᠠᠵᠤ᠂ ᠡᠯ᠎ᠡ ᠠᠵᠢᠯ ᠲᠦᠷᠦᠯ ᠤᠨ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠭᠦᠨᠵᠡᠭᠡᠢ ᠠᠭᠤᠳᠠᠯᠵᠤ᠂ ᠦᠨᠡᠨᠴᠢ ᠢᠲᠡᠭᠡᠮᠵᠢ ᠶᠢᠨ ᠬᠥᠮᠦᠵᠢᠯ ᠵᠢᠯᠤᠭᠤᠳᠤᠯᠭ᠎ᠠ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ᠂ ᠤᠨᠤᠯ ᠢ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠤᠬᠠᠭᠤᠯᠬᠤ ᠠᠷᠭ᠎ᠠ ᠬᠡᠯᠪᠡᠷᠢ ᠪᠠ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠡᠯ᠎ᠡ ᠲᠦᠷᠦᠯ ᠤᠨ ᠬᠠᠮ ᠵᠠᠭᠤᠴᠢᠯᠠᠭᠤᠷ᠂ ᠰᠢᠨ᠎ᠡ ᠵᠠᠭᠤᠴᠢᠯᠠᠭᠤᠷ ᠢ ᠠᠰᠢᠭᠯᠠᠨ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢ ᠥᠷᠨᠢᠭᠦᠯᠵᠦ᠂ ᠬᠤᠳᠠ ᠰᠢᠶᠠᠨ ᠬᠤᠶᠠᠷ ᠱᠠᠲᠤᠨ ᠤ ᠵᠠᠭᠤᠴᠢᠯᠠᠭᠤᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ᠤᠬᠠᠭᠤᠯᠭ᠎ᠠ ᠶᠢᠨ ᠰᠦᠷ ᠬᠦᠴᠦᠨ ᠢ ᠪᠤᠵᠠᠭᠠᠶᠢᠷᠠᠭᠤᠯᠵᠤ᠂ ᠥᠷᠭᠡᠨ ᠤᠯᠠᠨ ᠰᠠᠭᠤᠭᠠᠯᠢ ᠠᠷᠠᠳ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠭᠦᠢᠴᠡᠳ ᠲᠠᠶᠢᠴᠢᠯᠠᠵᠤ᠂ ᠢᠲᠡᠭᠡᠬᠦ ᠶᠢ ᠮᠡᠳᠡᠬᠦ᠂ ᠢᠲᠡᠭᠡᠬᠦ ᠶᠢ ᠴᠢᠬᠤᠯᠠᠴᠢᠯᠠᠬᠤ᠂ ᠢᠲᠡᠭᠡᠬᠦ ᠶᠢ ᠪᠦᠬᠦ ᠨᠡᠶᠢᠭᠡᠮ ᠤᠨ ᠤᠬᠠᠮᠰᠠᠷᠲᠤ ᠬᠥᠭᠡᠭᠡᠴᠡᠯᠳᠦᠯ ᠪᠣᠯᠭᠠᠨ᠎ᠠ᠃    ᠣᠷᠴᠢᠭᠤᠯᠣᠭᠴᠢ᠄  ᠬᠠᠨᠠᠭᠠᠷᠬᠢᠨᠠᠭᠴᠢ  ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2