ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︽ᠱᠠᠩᠳᠤ ᠰᠢᠶᠠᠨ ᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾ ︽ᠱᠠᠩᠳᠤ ᠰᠢᠶᠠᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾ ᠶᠢᠨ ᠮᠡᠳᠡᠭᠳᠡᠯ
ᠨᠡᠶᠢᠲᠡᠯᠡᠭᠰᠡᠨ ᠴᠠᠭ᠄
2024/4/10
 ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠤ᠄    ᠥᠪᠡᠷᠲᠡᠭᠡᠨ ᠵᠠᠰᠠᠬᠤ ᠣᠷᠣᠨ ᠪᠣᠯᠣᠨ ᠮᠠᠨ ᠤ ᠰᠢᠶᠠᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽ᠱᠠᠩᠳᠤ ᠰᠢᠶᠠᠨ ᠤ ᠥᠪᠡᠷᠲᠡᠭᠡᠨ ᠵᠠᠰᠠᠬᠤ ᠣᠷᠣᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾᠂ ︽ᠱᠠᠩᠳᠤ ᠰᠢᠶᠠᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾ ᠶᠢ ᠲᠠ ᠨᠠᠷ ᠲᠤ ᠳᠠᠷᠤᠮᠠᠯᠯᠠᠨ ᠲᠠᠷᠬᠠᠭᠠᠪᠠ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠰᠡᠳᠬᠢᠯ ᠲᠠᠯᠪᠢᠨ ᠬᠦᠴᠦ ᠣᠷᠣᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠦᠷᠦᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ ᠠᠷᠠᠳ ᠤᠯᠠᠨ ᠢ ᠨᠡᠩ ᠤᠯᠠᠨ ᠬᠦᠷᠲᠡᠮᠵᠢ ᠶᠢᠨ ᠲᠦᠷᠦᠭᠳᠡᠯ ᠲᠠᠢ ᠪᠣᠯᠭᠠᠬᠤ ᠬᠡᠷᠡᠭᠲᠡᠢ᠃ ᠡᠯ᠎ᠡ ᠲᠦᠷᠦᠭᠦᠯᠡᠬᠦ ᠨᠢᠭᠡᠴᠡ ᠨᠦᠭᠦᠳ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠠᠵᠢᠯ ᠤᠨ ᠲᠥᠯᠥᠪᠯᠡᠭᠡ ᠪᠠᠨ ᠬᠢᠨᠠᠮᠠᠭᠠᠶ ᠲᠣᠭᠲᠠᠭᠠᠨ᠂ ᠠᠵᠢᠯ ᠤᠨ ᠡᠭᠦᠷᠭᠡ ᠪᠠᠨ ᠨᠠᠷᠢᠨ ᠬᠤᠪᠢᠶᠠᠵᠤ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠲᠥᠷᠥᠯ ᠵᠦᠢᠯ ᠤᠨ ᠬᠡᠷᠡᠭᠵᠢᠭᠦᠯᠦᠯᠲᠡ ᠪᠠᠨ ᠰᠠᠶᠢᠲᠤᠷ ᠵᠣᠬᠢᠶᠠᠨ ᠪᠠᠶᠢᠭᠤᠯᠵᠤ᠂ ᠡᠯ᠎ᠡ ᠱᠠᠲᠤ ᠦᠶ᠎ᠡ ᠶᠢᠨ ᠠᠵᠢᠯ ᠤᠨ ᠡᠭᠦᠷᠭᠡ ᠪᠠᠨ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃    
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2