ᠰᠢᠨ᠎ᠡ ᠴᠠᠭ ᠦᠶ᠎ᠡ ᠶᠢᠨ ᠪᠠᠶᠢᠳᠠᠯ ᠢ ᠲᠣᠳᠣᠷᠬᠠᠶ ᠣᠶᠢᠯᠠᠭᠠᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2024/4/10
 
【 ᠰᠤᠷᠪᠤᠯᠵᠢᠯᠠᠭᠴᠢ 】 ᠭᠦᠸᠧ ᠲᠣᠪᠴᠢᠶᠠᠨ ᠳᠠᠷᠤᠭ᠎ᠠ ᠠ᠋᠂ ᠰᠠᠢᠨ ᠤᠤ︖ ᠲᠠ ᠣᠳᠣᠬᠠᠨ ᠤ ᠠᠵᠢᠯ ᠲᠠᠢ ᠪᠠᠨ ᠤᠶᠠᠯᠳᠤᠭᠤᠯᠵᠤ᠂ ᠶᠠᠭᠤ ᠶᠢ ︽ᠲᠠᠪᠤᠨ ᠠᠵᠤ ᠠᠬᠤᠢ ᠶᠢᠨ ᠶᠡᠷᠦ ᠶᠢᠨ ᠲᠦᠭᠡᠮᠡᠯᠵᠢᠭᠦᠯᠦᠯᠲᠡ︾ ᠭᠡᠬᠦ ᠪᠤᠢ︖    【 ᠭᠥᠸᠧ ᠵᠢᠶᠠᠨ ᠹᠧᠩ 】 ︽ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ ᠤᠨ ᠲᠣᠭᠲᠠᠭᠠᠯ︾ ᠢ ᠦᠨᠳᠦᠰᠦᠯᠡᠨ᠂ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠲᠠᠪᠤᠨ ᠵᠢᠯ ᠳᠤ ᠨᠢᠭᠡ ᠤᠳᠠᠭ᠎ᠠ ᠬᠢᠵᠦ᠂ ᠲᠤᠰ ᠪᠦᠷᠢ 3᠂ 8 ᠶᠢᠨ ᠲᠠᠭᠠᠷᠠᠯᠳᠤᠭᠰᠠᠨ ᠣᠨ ᠳᠤ ᠬᠡᠷᠡᠭᠵᠢᠭᠦᠯᠦᠨ᠎ᠡ᠃ ᠮᠠᠨ ᠤ ᠤᠯᠤᠰ 2004 ᠣᠨ᠂ 2008 ᠣᠨ᠂ 2013 ᠤᠨ ᠪᠣᠯᠤᠨ 2018 ᠣᠨ ᠳᠤ ᠲᠤᠰ ᠲᠤᠰ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠳᠥᠷᠪᠡᠨ ᠤᠳᠠᠭ᠎ᠠ ᠥᠷᠨᠢᠭᠦᠯᠵᠦ᠂ 2023 ᠣᠨ ᠳᠤ ᠥᠷᠨᠢᠭᠦᠯᠦᠭᠰᠡᠨ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ︽ᠲᠠᠪᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠭᠡᠵᠦ ᠲᠣᠪᠴᠢᠯᠠᠨ᠎ᠠ᠃    【 ᠰᠤᠷᠪᠤᠯᠵᠢᠯᠠᠭᠴᠢ 】 ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠶᠠᠭᠤᠨ ᠳᠤ ᠥᠷᠨᠢᠭᠦᠯᠬᠦ ᠨᠢ ᠶᠠᠮᠠᠷ ᠴᠢᠬᠤᠯᠠ ᠠᠴᠢ ᠬᠤᠯᠪᠣᠭᠳᠠᠯ ᠲᠠᠢ ᠪᠤᠢ︖    【 ᠭᠥᠸᠧ ᠵᠢᠶᠠᠨ ᠹᠧᠩ 】 ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠵᠣᠷᠢᠯᠭ᠎ᠠ ᠪᠣᠯ ᠮᠠᠨ ᠤ ᠤᠯᠤᠰ ᠤᠨ ᠬᠤᠶᠠᠳᠤᠭᠠᠷ ᠠᠵᠤ ᠦᠢᠯᠡᠰ᠂ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠬᠡᠪᠴᠢᠶ᠎ᠡ᠂ ᠪᠦᠲᠦᠴᠡ ᠪᠣᠯᠤᠨ ᠦᠷ᠎ᠡ ᠠᠰᠢᠭ ᠵᠡᠷᠭᠡ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠦᠨᠳᠦᠰᠦᠨ ᠨᠢᠭᠡᠴᠡ ᠶᠢᠨ ᠠᠯᠳᠠᠷᠲᠤ ᠴᠠᠳᠢᠭ ᠤᠨ ᠬᠥᠮᠥᠷᠭᠡ ᠵᠢᠴᠢ ᠲᠤᠭ᠎ᠠ ᠪᠠᠷᠢᠮᠲᠠ ᠶᠢᠨ ᠬᠥᠮᠥᠷᠭᠡ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠳᠤ ᠰᠠᠭᠤᠷᠢ ᠲᠠᠯᠪᠢᠵᠤ ᠥᠭᠬᠦ ᠶᠢᠨ ᠲᠥᠯᠥᠭᠡ ᠶᠤᠮ᠃ ︽ᠲᠠᠪᠤᠨ ᠠᠵᠤ ᠠᠬᠤᠶ ᠶᠢ ᠲᠦᠭᠡᠮᠡᠯᠵᠢᠭᠦᠯᠬᠦ︾ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠨᠢᠭᠡ ᠤᠳᠠᠭᠠᠨ ᠤ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠪᠣᠯᠤᠨ᠎ᠠ᠃ ︽ᠲᠠᠪᠤᠨ ᠠᠵᠤ ᠠᠬᠤᠶ ᠶᠢᠨ ᠲᠦᠭᠡᠮᠡᠯᠵᠢᠯ︾ ᠢ ᠰᠠᠶᠢᠲᠤᠷ ᠥᠷᠨᠢᠭᠦᠯᠬᠦ ᠨᠢ ᠪᠥᠬᠦ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ᠦᠨᠳᠦᠰᠦᠨ ᠵᠦᠢᠯ︾ ᠢ ᠲᠣᠳᠣᠷᠬᠠᠶ ᠣᠶᠢᠯᠠᠭᠠᠵᠤ᠂ ᠰᠢᠨ᠎ᠡ ᠴᠠᠭ ᠦᠶ᠎ᠡ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠬᠤᠪᠢᠷᠠᠯᠲᠠ ᠰᠢᠨ᠎ᠡ ᠣᠨᠴᠠᠯᠢᠭ ᠢ ᠪᠥᠬᠦ ᠲᠠᠯ᠎ᠠ ᠪᠠᠷ ᠣᠶᠢᠯᠠᠭᠠᠵᠤ᠂ ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢ ᠨᠠᠩ ᠪᠦᠲᠦᠮᠵᠢᠲᠡᠶ ᠪᠠᠳᠠᠷᠠᠭᠤᠯᠬᠤ ᠳᠤ ᠴᠢᠬᠤᠯᠠ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃    【 ᠰᠤᠷᠪᠤᠯᠵᠢᠯᠠᠭᠴᠢ 】 ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠪᠠ ᠠᠭᠤᠯᠭ᠎ᠠ ᠳᠤ ᠶᠠᠭᠤ ᠶᠠᠭᠤ ᠪᠠᠭᠲᠠᠨ᠎ᠠ᠄ ᠠᠵᠤ ᠠᠬᠤᠢ ᠶᠢᠨ ᠨᠡᠶᠢᠳᠡᠮ ᠪᠠᠶᠢᠴᠠᠭᠠᠭᠳᠠᠬᠤ ᠡᠲᠡᠭᠡᠳ ᠨᠢ ᠬᠠᠩᠭᠠᠭᠰᠠᠨ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠳᠤ ᠠᠵᠢᠯ ᠤᠨ ᠬᠤᠪᠢ ᠶᠢᠨ ᠨᠢᠭᠤᠴᠠ ᠲᠠᠢ ᠬᠤᠯᠪᠣᠭᠳᠠᠨ᠎ᠠ᠂ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠦᠰᠡᠯ ᠰᠠᠨᠠᠭ᠎ᠠ ᠨᠢ ᠴᠢᠩᠭ᠎ᠠ ᠪᠢᠰᠢ᠂ ᠶᠠᠭᠠᠬᠢᠪᠠᠯ ᠵᠣᠬᠢᠬᠤ ᠪᠤᠢ︖    【 ᠭᠥᠸᠧ ᠵᠢᠶᠠᠨ ᠹᠧᠩ 】 ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠬᠤᠶᠠᠳᠤᠭᠠᠷ ᠠᠵᠤ ᠦᠢᠯᠡᠰ᠂ ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ ᠬᠢᠵᠦ ᠪᠠᠶᠢᠭ᠎ᠠ ᠪᠦᠬᠦ ᠬᠠᠤᠯᠢ ᠶᠢᠨ ᠡᠷᠬᠡᠲᠡᠨ ᠤ ᠨᠢᠭᠡᠴᠡ᠂ ᠠᠵᠤ ᠦᠢᠯᠡᠰ ᠤᠨ ᠠᠵᠢᠯᠯᠠᠭᠠᠨ ᠤ ᠨᠢᠭᠡᠴᠡ ᠪᠣᠯᠤᠨ ᠬᠤᠪᠢ ᠶᠢᠨ ᠡᠵᠡᠩᠨᠡᠯᠲᠡ ᠶᠢᠨ ᠡᠷᠦᠬᠡ ᠪᠣᠯᠤᠨ᠎ᠠ᠃ ᠲᠤᠭ᠎ᠠ ᠪᠦᠷᠢᠳᠬᠡᠯ ᠤᠨ ᠦᠢᠯᠡᠳᠦᠯᠭᠡ ᠳᠤᠮᠳᠠ᠂ ᠬᠠᠤᠯᠢ ᠶᠢᠨ ᠡᠷᠬᠡᠲᠡᠨ ᠲᠠᠢ ᠨᠢᠭᠡᠴᠢ ᠳᠤ ᠲᠠᠪᠤᠨ ᠲᠥᠷᠥᠯ ᠤᠨ ᠬᠡᠯᠪᠡᠷᠢ᠄ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ᠂ ᠠᠵᠢᠯ ᠦᠢᠯᠡᠰ ᠤᠨ ᠨᠢᠭᠡᠴᠢ ᠶᠢᠨ ᠬᠠᠤᠯᠢ ᠶᠢᠨ ᠡᠷᠬᠡᠲᠡᠨ᠂ ᠪᠠᠶᠢᠭᠤᠯᠭ᠎ᠠ ᠶᠢᠨ ᠬᠠᠤᠯᠢ ᠶᠢᠨ ᠡᠷᠬᠡᠲᠡᠨ᠂ ᠨᠡᠶᠢᠭᠡᠮ ᠤᠨ ᠪᠦᠯᠬᠦᠮ ᠤᠨ ᠬᠠᠤᠯᠢ ᠶᠢᠨ ᠡᠷᠬᠡᠲᠡᠨ᠂ ᠪᠤᠰᠤᠳ ᠬᠠᠤᠯᠢ ᠶᠢᠨ ᠡᠷᠬᠡᠲᠡᠨ᠂ ᠪᠤᠰᠤᠳ ᠬᠠᠤᠯᠢ ᠶᠢᠨ ᠡᠷᠬᠡᠲᠡᠨ ᠢ ᠪᠠᠭᠲᠠᠭᠠᠨ᠎ᠠ᠃ ᠬᠤᠪᠢ ᠶᠢᠨ ᠡᠵᠡᠩᠨ᠋ᠡᠯᠲᠡ ᠶᠢᠨ ᠡᠷᠦᠬᠡ ᠳᠤ ᠬᠤᠪᠢ ᠶᠢᠨ ᠦᠶ᠋ᠯᠡᠳᠪᠦᠷᠢ ᠬᠤᠳᠠᠯᠳᠤᠬᠠᠨ ᠤ ᠡᠷᠦᠬᠡ ᠪᠠ ᠪᠤᠰᠤᠳ ᠬᠤᠪᠢ ᠶᠢᠨ ᠡᠵᠡᠩᠨ᠋ᠡᠯᠲᠡ ᠶᠢᠨ ᠡᠷᠦᠬᠡ ᠪᠠᠭᠲᠠᠨ᠎ᠠ᠃ ᠡᠭᠦᠨ ᠳᠤ ᠦᠨᠳᠦᠰᠦᠨ ᠰᠢᠨᠵᠢ ᠴᠢᠨᠠᠷ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠡᠳ᠋ ᠤᠨ ᠶᠠᠪᠤᠳᠠᠯ ᠤᠨ ᠪᠠᠶᠢᠳᠠᠯ᠂ ᠦᠢᠯᠡᠳᠪᠦᠷᠢᠯᠡᠯ ᠡᠵᠡᠩᠨᠡᠯᠲᠡ᠂ ᠦᠢᠯᠡᠳᠪᠦᠷᠢᠯᠡᠯ ᠤᠨ ᠴᠢᠳᠠᠪᠤᠷᠢ᠂ ᠲᠦᠭᠦᠬᠡᠶ ᠮᠠᠲ᠋ᠧᠷᠢᠶᠠᠯ ᠪᠣᠯᠤᠨ ᠡᠨᠧᠷᠭᠢ ᠶᠢᠨ ᠬᠤᠷᠣᠭᠳᠠᠯ᠂ ᠰᠤᠳᠤᠯᠤᠨ ᠨᠡᠭᠡᠭᠡᠬᠦ ᠠᠵᠢᠯᠯᠠᠭ᠎ᠠ᠂ ᠠᠵᠢᠯ ᠡᠷᠬᠢᠯᠡᠭᠰᠡᠳ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠣᠯᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠶᠢᠨ ᠪᠠᠶᠢᠳᠠᠯ ᠵᠡᠷᠭᠡ ᠪᠠᠭᠲᠠᠨ᠎ᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠳᠤ᠂ ᠲᠥᠷᠥ ᠶᠢᠨ ᠪᠠᠶᠢᠭᠤᠯᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠪᠤᠰᠤᠳ ᠵᠣᠬᠢᠶᠠᠨ ᠪᠠᠶᠢᠭᠤᠯᠤᠯᠲᠠ ᠪᠣᠯᠤᠨ ᠬᠤᠪᠢ ᠶᠢᠨ ᠡᠵᠡᠩᠨᠡᠯᠲᠡ ᠶᠢᠨ ᠡᠷᠦᠬᠡ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠶ ᠣᠷᠣᠯᠴᠠᠬᠤ ᠶᠢᠨ ᠬᠠᠮᠲᠤ ᠨᠢᠭᠲᠠ ᠬᠠᠮᠵᠢᠯᠴᠠᠬᠤ ᠬᠡᠷᠡᠭᠲᠡᠶ᠂ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠬᠦᠰᠦᠨᠦᠭᠲᠦ ᠶᠢ ᠦᠨᠡᠨ ᠪᠣᠳᠠᠲᠠᠶ᠂ ᠴᠠᠭ ᠬᠤᠭᠤᠴᠠᠭ᠎ᠠ ᠶᠣᠰᠣᠭᠠᠷ ᠲᠠᠭᠯᠠᠨ ᠮᠡᠳᠡᠭᠦᠯᠬᠦ ᠬᠡᠷᠡᠭᠲᠡᠶ᠂ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠤᠳᠠᠯ ᠢᠶᠠᠷ ᠮᠡᠳᠡᠭᠦᠯᠵᠦ᠂ ᠳᠠᠷᠤᠭᠠᠳ ᠮᠡᠳᠡᠭᠦᠯᠬᠦ ᠦᠭᠡᠶ ᠪᠠᠶᠢᠬᠤ ᠪᠠ ᠬᠤᠶᠢᠰᠢᠯᠠᠭᠤᠯᠤᠨ ᠮᠡᠳᠡᠭᠦᠯᠵᠦ ᠪᠣᠯᠬᠤ ᠦᠭᠡᠶ᠃ ᠡᠯ᠎ᠡ ᠱᠠᠲᠤᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠤᠯᠤᠰ ᠤᠨ ᠨᠢᠭᠤᠴᠠ ᠪᠣᠯᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠶ᠃    【 ᠰᠤᠷᠪᠤᠯᠵᠢᠯᠠᠭᠴᠢ 】 ᠱᠠᠩᠳᠤ ᠰᠢᠶᠠᠨ ᠤ ︽ᠲᠠᠪᠤᠨ ᠠᠵᠤ ᠠᠬᠤᠶ ᠶᠢ ᠲᠦᠭᠡᠮᠡᠯᠵᠢᠭᠦᠯᠬᠦ︾ ᠠᠵᠢᠯ ᠢ ᠬᠡᠷᠬᠢᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠣᠶ︖    【 ᠭᠦᠸᠧ ᠵᠢᠶᠠᠨ ᠹᠧᠩ᠄ ︽ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠲᠣᠭᠲᠠᠭᠠᠯ ᠶᠣᠰᠣᠭᠠᠷ᠂ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠬᠦ ᠤᠯᠤᠰ ᠤᠨ ᠨᠢᠭᠡᠳᠦᠯᠲᠡᠶ ᠤᠳᠤᠷᠢᠳᠬᠤ᠂ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠮᠵᠢᠯᠴᠠᠬᠤ᠂ ᠣᠷᠣᠨ ᠨᠤᠲᠤᠭ ᠱᠠᠲᠤ ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠶᠢᠨ ᠬᠢᠨ ᠬᠠᠮᠲᠤᠪᠠᠷ ᠣᠷᠣᠯᠴᠠᠬᠤ ᠵᠠᠷᠴᠢᠮ ᠤᠨ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ 2023 ᠣᠨ ᠤ 4 ᠰᠠᠷ᠎ᠠ ᠶᠢᠨ 28 ᠤ ᠡᠳᠦᠷ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ 22 ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ 10 ᠰᠢᠶᠠᠩ ︵ᠪᠠᠯᠭᠠᠰᠤ︶ ᠤᠨ ᠳᠠᠷᠤᠭ᠎ᠠ ᠪᠠᠷ ᠪᠦᠷᠢᠯᠳᠦᠬᠦᠨ ᠪᠣᠯᠭᠠᠭᠰᠠᠨ ᠱᠠᠩᠳᠤ ᠰᠢᠶᠠᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠥᠬᠦ ᠰᠢᠶᠠᠨ ᠤ ︽ᠲᠠᠪᠤ ᠶᠢ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ ᠵᠣᠬᠢᠶᠠᠨ ᠪᠠᠶᠢᠭᠤᠯᠤᠯᠲᠠ ᠪᠠ ᠬᠡᠷᠡᠭᠵᠢᠭᠦᠯᠦᠯᠲᠡ ᠶᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶ᠋ᠳᠪᠦᠷᠢᠯᠡᠨ᠎ᠡ᠃ ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠤᠭ᠎ᠠ ᠪᠦᠷᠢᠳᠬᠡᠯ ᠤᠨ ᠲᠣᠪᠴᠢᠶ᠎ᠠ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ ᠬᠠᠪᠰᠤᠷᠭᠠᠨ ᠬᠠᠷᠢᠭᠤᠴᠠᠨ᠎ᠠ᠃ ᠡᠭᠦᠨ ᠤ ᠬᠠᠮᠲᠤ᠂ 10 ᠰᠢᠶᠠᠩ ︵ᠪᠠᠯᠭᠠᠰᠤ︶︶ ᠵᠣᠬᠢᠬᠤ ᠬᠡᠮᠵᠢᠶᠡᠨ ᠤ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠪᠠᠶᠢᠭᠤᠯᠤᠮᠵᠢ ᠪᠠᠶᠢᠭᠤᠯᠵᠤ᠃    【 ᠰᠤᠷᠪᠤᠯᠵᠢᠯᠠᠭᠴᠢ 】 ᠣᠳᠣᠬᠠᠨ ᠤ ᠱᠠᠩᠳᠤ ᠰᠢᠶᠠᠨ ᠤ ︽ᠲᠠᠪᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ ᠠᠵᠢᠯ ᠢ ᠠᠯᠢ ᠱᠠᠲᠤᠨ ᠳᠤ ᠬᠦᠷᠲᠡᠯ᠎ᠡ ᠥᠷᠨᠢᠭᠦᠯᠦᠭᠰᠡᠨ ᠪᠣᠶ︖    【 ᠭᠥᠸᠧ ᠵᠢᠶᠠᠨ ᠹᠧᠩ 】 ᠣᠳᠣᠬᠠᠨ ᠳᠤ ᠱᠠᠩᠳᠤ ᠰᠢᠶᠠᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠶᠠᠭ ᠵᠢᠩᠬᠢᠨᠢ ᠳᠠᠩᠰᠠᠯᠠᠬᠤ ᠱᠠᠲᠤᠨ ᠳᠤ ᠣᠷᠣᠰᠢᠵᠤ᠂ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ 2024 ᠣᠨ ᠤ 4 ᠰᠠᠷ᠎ᠠ ᠶᠢᠨ 30 ᠤ ᠡᠳᠦᠷ ᠳᠠᠭᠤᠰᠬᠤ ᠶᠢᠨ ᠬᠠᠮᠲᠤ ᠨᠡᠶᠢᠳᠡᠮ ᠪᠠᠶᠢᠴᠠᠭᠠᠭᠴᠢ ᠶᠢᠨ ᠦᠵᠦᠭᠦᠷ ᠨᠢ ᠴᠦ 4 ᠰᠠᠷ᠎ᠠ ᠶᠢᠨ 30 ᠤ ᠡᠳᠦᠷ ᠳᠡᠭᠡᠭᠰᠢ ᠮᠡᠳᠡᠭᠦᠯᠬᠦ ᠶᠢ ᠵᠣᠭᠰᠣᠭᠠᠪᠠ᠃ ᠣᠲᠣ ᠪᠣᠯᠲᠠᠯ᠎ᠠ᠂ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠦᠭᠰᠡᠨ ᠨᠣᠷᠮ᠎ᠠ ᠨᠢ 80% ᠪᠠᠶᠢᠵᠤ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠤᠭᠰᠠᠨ ᠨᠣᠷᠮ᠎ᠠ ᠨᠢ 60% ᠪᠠᠶᠢᠵᠤ᠂ ᠡᠯ᠎ᠡ ᠵᠦᠢᠯ ᠤᠨ ᠠᠵᠢᠯ ᠢ ᠶᠠᠭ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃    ᠣᠷᠴᠢᠭᠤᠯᠣᠭᠴᠢ᠄  ᠬᠠᠨᠠᠭᠠᠷᠬᠢᠨᠠᠭᠴᠢ  ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2