2024ᠣᠨ ᠤ ᠨᠢᠭᠡᠳᠦᠭᠡᠷ ᠬᠤᠭᠤᠴᠠᠭ᠎ᠠ᠄ 2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/4/10
  ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ    ᠲᠥᠯᠥᠭᠡᠯᠡᠭᠴᠢᠳ ᠡ᠄    ᠣᠳᠣ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃    ᠨᠢᠭᠡ᠂ 2023 ᠣᠨ ᠤ ᠠᠵᠢᠯ ᠤᠨ ᠡᠷᠭᠢᠴᠡᠭᠦᠯᠦᠯ    ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠪᠣᠯᠤᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠦᠷᠭᠦᠯᠵᠢᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠯᠬᠤᠮ ᠢ ᠠᠯᠬᠤᠪᠠ᠃    ︵ᠨᠢᠭᠡ︶ ᠬᠦᠴᠢᠷ ᠢ ᠰᠦᠷᠦᠨ ᠤᠷᠤᠭᠰᠢᠯᠠᠵᠤ᠂ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠪᠡ    ᠨᠡᠮᠡᠭᠳᠡᠯ ᠢ ᠲᠣᠭᠲᠠᠪᠤᠷᠢᠵᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ ᠠᠯᠢ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠭᠤᠷᠠᠯᠲᠠ ᠶᠢᠨ ᠳᠠᠷᠤᠯᠲᠠ ᠶᠢ ᠲᠤᠯᠵᠤ᠂ ᠬᠦᠴᠢᠷ ᠪᠡᠷᠬᠡᠰᠢᠶᠡᠯ ᠥᠷᠢᠰᠥᠯᠳᠦᠭᠡᠨ ᠢ ᠢᠯᠠᠨ ᠳᠠᠪᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠪᠦᠬᠦ ᠰᠢᠶᠠᠨ ᠤ ᠠᠵᠤ ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠰᠠᠶᠢᠨ ᠪᠠᠶᠢᠳᠠᠯ ᠢ ᠪᠡᠶᠡᠯᠡᠭᠦᠯᠬᠦ ᠬᠡᠷᠡᠭᠲᠡᠢ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 79.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6.2% ᠢᠶᠠᠷ ᠨᠡᠮᠡᠭᠳᠡᠭᠦᠯᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠥᠷᠲᠡᠭ 3.8% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 25.97 ᠳ᠋ᠦᠩᠰᠢᠭᠤᠷ ᠲᠥᠭᠦᠷᠢᠭ ᠪᠡᠶᠡᠯᠡᠭᠦᠯᠵᠦ᠂ 25.5% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 20.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 8% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2.81 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 12% ᠢᠶᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 37423 ᠲᠥᠭᠦᠷᠢᠭ ᠪᠠ 16138 ᠲᠥᠭᠦᠷᠢᠭ ᠲᠤ ᠬᠦᠷᠴᠦ᠂ 6.7% ᠪᠠ 8.5% ᠪᠠᠷ ᠨᠡᠮᠡᠭᠳᠡᠪᠡ᠃ 22 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 22.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃    ︵ᠬᠤᠶᠠᠷ︶ ᠰᠠᠭᠤᠷᠢ ᠶᠢ ᠪᠠᠳᠤᠳᠬᠠᠨ ᠰᠠᠭᠤᠷᠢ ᠶᠢ ᠪᠠᠳᠤᠳᠬᠠᠵᠤ᠂ ᠪᠠᠶᠢᠳᠠᠯ ᠢ ᠪᠤᠢ ᠪᠤᠯᠭᠠᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠬᠦᠳᠡᠯᠭᠡᠬᠦ ᠬᠦᠴᠦᠨ ᠴᠢᠩᠭᠠᠷᠠᠪᠠ    ᠤᠯᠠᠮᠵᠢᠯᠠᠯᠲᠤ ᠠᠵᠤ ᠦᠢᠯᠡᠰ ᠪᠣᠯᠤᠨ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠵᠣᠬᠢᠴᠠᠭᠤᠯᠤᠨ ᠠᠬᠢᠭᠤᠯᠬᠤ ᠶᠢ ᠪᠠᠷᠢᠮᠲᠠᠯᠠᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠵᠦ ᠰᠢᠨ᠎ᠡ ᠳᠠᠪᠠᠯᠲᠠ ᠶᠢ ᠪᠡᠶᠡᠯᠡᠭᠦᠯᠦᠨ᠎ᠡ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠥᠷᠨᠢᠨ ᠬᠥᠭᠵᠢᠪᠡ᠃ ︽ᠲᠥᠮᠥᠰᠥ ᠰᠠᠭᠠᠯᠢ ᠶᠢᠨ ᠦᠨᠢᠶ᠎ᠡ ᠰᠠᠭᠠᠯᠢ ᠶᠢᠨ ᠦᠨᠢᠶ᠎ᠡ︾ ᠶᠢᠨ ᠭᠤᠣᠯᠯᠠᠬᠤ ᠠᠵᠤ ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠪᠠ᠃ ᠯᠠᠨ ᠲᠢᠶᠠᠨ ᠹᠦ᠋ ᠵᠢᠩ ᠲᠠᠩ ᠤᠨ 10 ᠲᠦᠮᠡᠨ ᠲᠣᠨ ᠴᠠᠷᠳᠠᠭᠤᠯ ᠤᠨ ᠲᠥᠷᠥᠯ ᠵᠦᠢᠯ ᠠᠰᠢᠭᠯᠠᠯᠲᠠ ᠳᠤ ᠣᠷᠣᠵᠤ᠂ ᠰᠢ ᠰᠧᠨ ᠲᠥᠮᠥᠰᠥ ᠶᠢᠨ ᠦᠢᠯᠡᠰ ᠤᠨ ᠲᠥᠮᠥᠰᠥ ᠶᠢᠨ ᠭᠤᠤᠯ ᠢᠳᠡᠭᠡᠨ ᠪᠣᠯᠭᠠᠬᠤ ᠦᠢᠯᠡᠳᠪᠦᠷᠢᠯᠡᠯ ᠤᠨ ᠱᠤᠭᠤᠮ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠤᠨ ᠬᠡᠷᠡᠭᠯᠡᠵᠦ᠂ ᠲᠥᠮᠥᠰᠥ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠢᠯᠡᠳᠲᠡ ᠦᠷ᠎ᠡ ᠪᠦᠲᠦᠮᠵᠢ ᠤᠯᠪᠠ᠃ ᠠᠵᠤ ᠠᠬᠤᠶᠢᠯᠠᠯ᠂ ᠬᠤᠷᠰᠢᠶ᠎ᠠ᠂ ᠲᠠᠷᠢᠮᠠᠯ ᠤᠨ ᠡᠷᠦᠬᠡ ︽ᠠᠵᠢᠯ ᠬᠤᠪᠢᠶᠠᠷᠢᠯᠠᠨ ᠬᠠᠮᠵᠢᠯᠴᠠᠵᠤ᠂ ᠲᠦᠭᠰᠢᠭᠦᠷᠢ ᠶᠢ ᠬᠠᠮᠲᠤᠪᠠᠷ ᠡᠭᠦᠷᠭᠡᠯᠡᠵᠦ᠂ ᠠᠰᠢᠭ ᠲᠤᠰᠠ ᠶᠢ ᠬᠠᠮᠲᠤᠪᠠᠷ ᠡᠳ᠋ᠯᠡᠬᠦ︾ ᠲᠥᠮᠥᠰᠥ ᠶᠢᠨ ᠤᠨᠴᠠᠯᠢᠭᠳᠤ ᠠᠵᠤ ᠦᠢᠯᠡᠰ ᠤᠨ ᠰᠦᠷᠦᠭᠵᠢᠯ ᠠᠩᠬ᠎ᠠ ᠠᠯᠬᠤᠮ ᠬᠡᠪᠴᠢᠶᠡᠵᠢᠵᠦ᠂ ᠥᠪᠡᠷᠲᠡᠭᠡᠨ ᠵᠠᠰᠠᠬᠤ ᠣᠷᠣᠨ ᠤ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠪᠡ᠃ ᠤᠯᠠᠭᠠᠨᠴᠠᠪ ᠬᠤᠲᠠ ᠶᠢᠨ ︽ᠲᠥᠮᠥᠰᠥ ᠶᠢᠨ ᠬᠤᠲᠠ ᠶᠢᠨ ᠨᠠᠮᠤᠷ︾ ᠤᠨ ᠮᠠᠯᠴᠢᠨ ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ ᠵᠢᠴᠢ ᠲᠥᠮᠥᠰᠥ ᠶᠢᠨ ᠠᠵᠤ ᠦᠢᠯᠡᠰ ᠤᠨ ᠶᠡᠭᠡ ᠬᠤᠷᠠᠯ ᠢ ᠠᠮᠵᠢᠯᠲᠠ ᠲᠠᠢ ᠳᠠᠭᠠᠭᠠᠴᠢᠯᠠᠨ ᠡᠷᠭᠢᠯᠡᠪᠡ᠃ ︽ᠳᠥᠷᠪᠡ ᠶᠢ ᠳᠠᠶᠢᠴᠢᠯᠠᠬᠤ︾ ᠪᠠᠷ ᠲᠥᠮᠥᠰᠥ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠭᠰᠡᠨ ᠨᠡᠶᠢᠲᠡᠯᠢᠭ ᠲᠤᠷᠰᠢᠯᠭ᠎ᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠡᠯᠡᠨ ᠰᠠᠶᠢᠰᠢᠶᠠᠬᠤ ᠶᠢᠨ ᠬᠠᠮᠲᠤ ᠪᠥᠬᠦ ᠤᠯᠤᠰ ᠲᠤ ᠳᠡᠯᠭᠡᠷᠡᠭᠦᠯᠪᠡ᠃ ᠢᠯᠢ ᠪᠦᠯᠦᠭᠯᠡᠯ ᠤᠨ ᠶᠢᠦ ᠶᠤᠸᠠᠨ ᠮᠠᠯ ᠠᠵᠤ ᠠᠬᠤᠶ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠲᠦᠮᠡᠨ ᠲᠣᠯᠣᠭᠠᠶ ᠴᠢᠨᠠᠷ ᠰᠠᠶᠢᠲᠠᠶ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠤᠮᠠᠷᠠᠲᠤ ᠶᠢᠨ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠠᠰᠢᠭᠯᠠᠯᠲᠠ ᠳᠤ ᠣᠷᠣᠭᠤᠯᠪᠠ᠃ ᠰᠢᠨ᠎ᠡ ᠪᠠᠷ ᠬᠥᠭᠵᠢᠭᠰᠡᠨ ᠠᠵᠤ ᠦᠢᠯᠡᠳ᠋ᠪᠦᠷᠢᠯᠡᠯ ᠤᠨ ᠲᠤᠭ᠎ᠠ ᠪᠠ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠦᠨ᠎ᠡ᠃ ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠵᠢᠯ ᠤᠨ ᠦᠢᠯᠡᠳᠪᠦᠷᠢᠯᠡᠯ 10 ᠲᠦᠮᠡᠨ ᠲᠣᠨ ᠰᠠᠯᠬᠢ ᠭᠡᠷᠡᠯᠴᠢ ᠴᠡᠨᠡᠭ ᠤᠰᠤᠲᠥ᠋ᠷᠥᠭᠴᠢ ᠦᠢᠯᠡᠳᠬᠦ ᠶᠢ ᠨᠢᠭᠡ ᠴᠤᠬᠴᠠᠵᠢᠭᠤᠯᠤᠬᠰᠠᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠤᠰᠤᠲᠥ᠋ᠷᠥᠭᠴᠢ ᠳᠠᠮᠵᠢᠭᠤᠯᠬᠤ ᠬᠤᠭᠤᠯᠠᠢ ᠶᠢ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠢ ᠬᠡᠢ ᠶᠢᠨ ︽ᠪᠦᠬᠦ ᠤᠯᠤᠰ ᠤᠨ ᠨᠢᠭᠡ ᠲᠣᠣᠷ︾ ᠳᠤ ᠣᠷᠣᠭᠤᠯᠪᠠ᠃ ᠰᠢᠤᠢ ᠶᠠᠩ ᠪᠦᠯᠦᠭᠯᠡᠯ ᠤᠨ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠢ ᠨᠢᠭᠡ ᠴᠤᠬᠴᠠᠵᠢᠭᠤᠯᠬᠤ ᠲᠦᠷᠦᠯ ᠵᠦᠢᠯ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠵᠤ᠂ ᠶᠡᠷᠦᠩᠬᠡᠢ ᠦᠢᠯᠡᠳᠪᠦᠷᠢᠯᠡᠯ ᠤᠨ ᠴᠢᠳᠠᠪᠤᠷᠢ ᠶᠢ 50 ᠲᠦᠮᠡᠨ ᠲᠣᠨ ᠲᠡᠰᠢ ᠤᠷᠤᠭᠰᠢᠯᠠᠭᠤᠯᠪᠠ᠃ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠣᠨᠤᠭ ᠲᠥᠬᠦᠭᠡᠷᠦᠮᠵᠢ ᠦᠢᠯᠡ ᠳᠤ ᠬᠢ ᠥᠷᠲᠡᠭ ᠨᠢ 25 ᠲᠡᠷᠪᠤᠮ ᠶᠤᠸᠠᠨ ᠳᠤ ᠬᠦᠷᠴᠦ᠃ ᠲᠡᠮᠦᠷᠯᠢᠭ ᠪᠤᠯᠪᠠᠰᠤᠷᠠᠬᠤᠯᠬᠤ ᠠᠵᠤ ᠦᠶ᠋ᠯᠡᠰ ᠲᠠᠰᠤᠷᠠᠯᠲᠠ ᠦᠭᠡᠢ ᠳᠡᠰ ᠳᠡᠪᠰᠢᠪᠡ᠃ ᠶᠧ ᠵᠣᠣ ᠾᠧ ᠰᠢᠨ ᠲᠠᠢ ᠲᠡᠮᠦᠷ ᠤᠨ ᠬᠠᠶᠢᠯᠤᠰᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠢᠯᠡᠷᠬᠡᠶ ᠪᠠᠶᠢᠵᠤ᠂ 12 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠪᠦᠷᠢᠨ ᠪᠢᠲᠡᠭᠦᠮᠵᠢᠯᠡᠭᠰᠡᠨ ᠬᠦᠳᠡᠷ ᠤᠨ ᠢᠯᠴᠢ ᠶᠢᠨ ᠵᠤᠤᠬ᠎ᠠ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠦᠢᠯᠡᠳᠪᠦᠷᠢᠯᠡᠯ ᠤᠨ ᠴᠢᠳᠠᠪᠤᠷᠢ 60 ᠲᠦᠮᠡᠨ ᠲᠣᠨ ᠳᠤ ᠬᠦᠷᠴᠦ᠂ ᠦᠢᠯᠡᠳᠬᠦᠨ ᠤ ᠥᠷᠲᠡᠭ ᠨᠢ 50 ᠳ᠋ᠦᠩᠰᠢᠭᠤᠷ ᠲᠥᠭᠦᠷᠢᠭ ᠲᠤ ᠬᠦᠷᠴᠡᠶ᠃ ᠭᠤᠷᠪᠠᠳᠤᠬᠠᠷ ᠠᠵᠤ ᠦᠶ᠋ᠯᠡᠰ ᠲᠦ᠋ᠷᠭᠡᠨ ᠬᠥᠭᠵᠢᠪᠡ᠃ ᠲᠥᠮᠥᠰᠥ ᠶᠢᠨ ᠤᠨᠴᠠᠯᠢᠬᠳᠤ ᠵᠢᠵᠢᠭ ᠪᠠᠯᠭᠠᠰᠤᠨ ᠤ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠪᠡ᠃ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠢ ᠪᠠᠶᠢᠭᠤᠯᠵᠤ᠂ ᠡᠯᠧᠺᠳ᠋ᠷᠣᠨ ᠬᠤᠳᠠᠯᠳᠤᠭᠠᠨ ᠤ ᠨᠡᠶᠢᠭᠡᠮᠯᠢᠭ ᠢ ᠪᠠᠶᠢᠭᠤᠯᠵᠤ᠂ ᠰᠦᠯᠵᠢᠶᠡᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ 1.7 ᠳ᠋ᠦᠩᠰᠢᠭᠤᠷ ᠲᠥᠭᠦᠷᠢᠭ ᠲᠤ ᠬᠦᠷᠪᠡ᠃ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠰᠢᠶᠠᠨ ᠤ ᠬᠡᠪᠴᠢᠶᠡᠨ ᠤ ᠭᠦᠢᠯᠭᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ 2023 ᠣᠨ ᠳᠤ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ︽ᠲᠤᠷᠰᠢᠯᠲᠠ ᠶᠢᠨ ᠰᠢᠶᠠᠨ︾ ᠢᠶᠠᠷ ᠦᠨᠡᠯᠡᠭᠳᠡᠪᠡ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠤ ᠳ᠋ᠦᠩ ᠵᠢᠶᠠ ᠲᠣᠰᠬᠤᠨ᠂ ᠳ᠋ᠠ ᠱᠢ ᠵᠢᠶᠠ ᠮᠥᠰᠥᠨ ᠭᠤᠣᠯ ᠤᠨ ᠴᠢᠯᠠᠭᠤᠨ ᠤᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠡᠭᠡᠵᠢᠩ ᠲᠢᠶᠠᠨᠵᠢᠨ ᠾᠧᠪᠸᠢ ᠳᠤ ᠬᠠᠨᠳᠤᠭᠤᠯᠤᠭᠰᠠᠨ ᠰᠡᠯᠡᠭᠦᠴᠡᠯ ᠡᠷᠡᠭᠦᠯᠵᠢᠯ ᠤᠨ ᠵᠣᠷᠢᠭᠰᠠᠨ ᠭᠠᠵᠠᠷ ᠲᠤ ᠠᠩᠬ᠎ᠠ ᠠᠯᠬᠤᠮ ᠬᠡᠪᠴᠢᠶᠡᠵᠢᠪᠡ᠃    ︵ᠭᠤᠷᠪᠠ︶ ᠨᠣᠭᠤᠭᠠᠨ ᠦᠩᠭᠡ ᠶᠢ ᠵᠤᠵᠠᠭᠠᠳᠬᠠᠵᠤ᠂ ᠬᠠᠯᠬᠠᠪᠴᠢ ᠶᠢ ᠪᠠᠲᠤ ᠴᠣᠭᠴᠠᠯᠠᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠲᠠᠰᠤᠷᠠᠯᠲᠠ ᠦᠭᠡᠢ ᠰᠠᠶᠢᠵᠢᠷᠠᠪᠠ    ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠣᠶᠢᠯᠠᠭᠠᠭᠳᠠᠬᠤᠨ ᠢ ᠪᠠᠷᠢᠮᠲᠠᠯᠠᠵᠤ᠂ ︽ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ︾ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠠᠵᠢᠯ ᠨᠢ ᠤᠯᠤᠰ ᠤᠨ ᠳᠤᠮᠳᠠ ᠬᠤᠭᠤᠴᠠᠭᠠᠨ ᠤ ᠦᠨᠡᠯᠡᠯᠲᠡ ᠪᠠᠷ ᠳᠡᠮᠵᠢᠨ᠂ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠨᠡᠶᠢᠲᠡᠯᠢᠭ ᠬᠡᠷᠡᠭ ᠤᠨ ᠵᠢᠱᠢᠶ᠎ᠡ ᠳᠤ ᠰᠣᠩᠭᠤᠭᠳᠠᠪᠠ᠃ ᠤᠯᠤᠰ ᠤᠨ ᠨᠤᠭᠤ ᠭᠠᠵᠠᠷ ᠤᠨ ᠴᠡᠴᠡᠷᠯᠢᠭ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠬᠤᠵᠢᠷᠯᠢᠭ ᠭᠠᠵᠠᠷ ᠢ ᠰᠠᠶᠢᠵᠢᠷᠠᠭᠤᠯᠬᠤ᠂ ᠨᠢᠰᠬᠡᠯ ᠢᠶᠠᠷ ᠡᠪᠡᠰᠦ ᠲᠠᠷᠢᠬᠤ ᠵᠡᠷᠭᠡ ᠢᠨᠵᠧᠨᠧᠷᠢᠩ ᠢ ᠪᠦᠲᠦᠮᠵᠢᠲᠡᠶ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠪᠠ ᠪᠡᠯᠴᠢᠭᠡᠷ ᠤᠨ ᠭᠠᠵᠠᠷ ᠤᠨ ᠳᠡᠭᠡᠷᠡᠬᠢ ᠦᠢᠯᠡᠳᠪᠦᠷᠢᠯᠡᠯ ᠤᠨ ᠬᠦᠴᠦᠨ ︽ᠬᠤᠤᠰ ᠳᠡᠭᠡᠭᠰᠢᠯᠡᠯᠲᠡ︾ ᠶᠢ ᠪᠡᠶᠡᠯᠡᠭᠦᠯᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠦᠷ᠎ᠡ ᠪᠦᠲᠦᠮᠵᠢ ᠶᠢ ᠢᠯᠡᠳᠲᠡ ᠪᠣᠯᠭᠠᠪᠠ᠃ ᠤᠰᠤ ᠠᠷᠪᠢᠯᠠᠬᠤ ᠤᠰᠤ ᠬᠢᠵᠠᠭᠠᠷᠯᠠᠬᠤ ᠦᠷ᠎ᠡ ᠪᠦᠲᠦᠮᠵᠢ ᠢᠯᠡᠳᠲᠡ ᠪᠣᠯᠵᠤ᠂ ᠪᠦᠬᠦ ᠤᠯᠤᠰ ᠤᠨ ︽ᠵᠢᠷᠭᠤᠳᠤᠭᠠᠷ ᠪᠦᠯᠦᠭ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠰᠢᠶᠠᠨ︾ ᠢᠶᠠᠷ ᠦᠨᠡᠯᠡᠭᠳᠡᠪᠡ᠃ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠦᠨ᠎ᠡ᠃ ᠡᠪᠦᠯ ᠤᠨ ᠴᠡᠪᠡᠷ ᠳᠤᠯᠠᠭᠠᠯ ᠠᠭ᠎ᠠ ᠶᠢᠨ ᠢᠨᠵᠧᠨᠧᠷᠢᠩ ᠯᠠᠪᠳᠠᠭᠤᠨ ᠢᠶᠠᠷ ᠠᠬᠢᠪᠠ᠃ 1.27 ᠲᠦᠮᠡᠨ ᠡᠷᠦᠬᠡ ᠶᠢᠨ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠵᠤ᠂ ᠢᠯᠴᠢ ᠬᠠᠩᠭᠠᠬᠤ ᠬᠤᠭᠤᠯᠠᠶ ᠶᠢᠨ ᠲᠣᠤᠷ ᠢ 26 ᠺᠢᠯᠣᠮᠧᠳ᠋ᠷ ᠥᠭᠡᠷᠡᠴᠢᠯᠡᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 9.8 ᠲᠦᠮᠡᠨ ᠲᠡᠭᠰᠢ ᠳᠥᠷᠪᠡᠯᠵᠢᠨ ᠮᠧᠳ᠋ᠷ ᠪᠡᠶᠡᠯᠡᠭᠦᠯᠪᠡ᠃ ᠠᠭᠠᠷ ᠤᠨ ᠴᠢᠨᠠᠷ ᠰᠠᠶᠢᠲᠠᠢ ᠪᠠᠶᠢᠬᠤ ᠨᠤᠷᠮ᠎ᠠ 94% ᠬᠦᠷᠴᠡᠢ᠃ ︽ᠣᠢ ᠰᠢᠭᠤᠢ ᠶᠢᠨ ᠳᠠᠷᠤᠭ᠎ᠠ ᠶᠢᠨ ᠳᠦᠷᠢᠮ︾᠂ ︽ᠭᠤᠣᠯ ᠤᠨ ᠳᠠᠷᠤᠭ᠎ᠠ ᠶᠢᠨ ᠳᠦᠷᠢᠮ︾᠂ ︽ᠬᠤᠳᠳᠤᠭ ᠤᠨ ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠨᠠᠯᠲᠠ ᠳᠣᠣᠷ᠎ᠠ ᠦᠷ᠎ᠡ ᠠᠰᠢᠭ ᠢᠶᠠᠷ ᠳᠣᠣᠷ᠎ᠠ ᠣᠢ ᠶᠢ 1.7 ᠲᠦᠮᠡᠨ ᠮᠦ ᠥᠭᠡᠷᠡᠴᠢᠯᠡᠨ ᠰᠠᠶᠢᠵᠢᠷᠠᠭᠤᠯᠵᠤ᠂ 20 ᠺᠢᠯᠣᠮᠧᠳ᠋ᠷ ᠭᠤᠣᠯ ᠤᠨ ᠵᠠᠮ ᠢ ᠨᠡᠪᠲᠡᠷᠡᠭᠦᠯᠪᠡ᠃ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶ ᠠᠬᠢᠭᠤᠯᠵᠤ᠂ ᠲᠠᠷᠢᠶᠠᠨ ᠡᠮ ᠬᠢᠮᠢ ᠶᠢᠨ ᠪᠣᠷᠳᠣᠭᠤᠷ ᠢ ᠬᠤᠶᠠᠷ ᠢ ᠪᠠᠭᠠᠰᠬᠠᠵᠤ ᠬᠤᠶᠠᠷ ᠢ ᠡᠵᠡᠮᠳᠡᠬᠦ ᠶᠢ ᠦᠨᠡᠨᠬᠦ ᠴᠢᠩᠭᠠᠳᠬᠠᠵᠤ᠂ ︽ᠦᠯᠡᠳᠡᠭᠳᠡᠯ ᠬᠠᠯᠢᠰᠤ ᠶᠢ ᠲᠠᠷᠢᠶᠠᠨ ᠭᠠᠵᠠᠷ ᠠᠴᠠ ᠰᠠᠯᠭᠠᠬᠤ︾ ᠡᠭᠡᠭᠦᠯᠦᠨ ᠬᠤᠷᠢᠶᠠᠬᠤ ᠨᠣᠷᠮ᠎ᠠ ᠶᠢ 86% ᠳᠤ ᠬᠦᠷᠦᠭᠦᠯᠦᠨ᠎ᠡ᠃    ︵ᠲᠦᠷᠪᠡ︶ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠪᠠ    ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠠᠷᠢᠮᠠᠯ ᠤᠨ ᠶᠡᠷᠦᠩᠬᠡᠢ ᠲᠠᠷᠢᠬᠤ ᠲᠠᠯᠠᠪᠠᠢ ᠶᠢ 186 ᠲᠦᠮᠡᠨ ᠮᠦ ᠳᠤ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠤᠨᠠᠯᠲᠠ ᠶᠢ 2.73 ᠳ᠋ᠦᠩᠰᠢᠭᠤᠷ ᠵᠢᠩ ᠪᠣᠯᠭᠠᠪᠠ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ᠬᠡᠪᠴᠢᠶᠡᠵᠢᠭᠰᠡᠨ ᠡᠵᠡᠩᠨᠡᠯᠲᠡ ᠶᠢᠨ ᠲᠠᠯᠠᠪᠠᠢ 90 ᠲᠦᠮᠡᠨ ᠮᠦ ᠳᠤ ᠬᠦᠷᠴᠦ᠂ ᠲᠠᠷᠢᠶᠠᠯᠠᠩ ᠤᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ 85% ᠳᠤ ᠬᠦᠷᠪᠡ᠃ ᠮᠠᠯ ᠤᠨ ᠲᠤᠭ᠎ᠠ ᠲᠣᠯᠣᠭᠠᠢ 127 ᠲᠦᠮᠡ ᠳᠤ ᠬᠦᠷᠪᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ᠢ ᠰᠢᠨ᠎ᠡ ᠪᠠᠷ 4 ᠨᠡᠮᠡᠭᠳᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠡᠳᠰᠢᠭᠦᠯᠬᠦ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠢ 13 ᠳ᠋ᠦᠩᠰᠢᠭᠤᠷ ᠲᠥᠭᠦᠷᠢᠭ ᠲᠤ ᠬᠦᠷᠦᠭᠦᠯᠵᠦ᠂ 23% ᠪᠠᠷ ᠨᠡᠮᠡᠭᠳᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ︽ᠲᠦᠷᠪᠡ ᠶᠢ ᠰᠠᠯᠭᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠬᠡᠮᠵᠢᠬᠦ᠂ ᠪᠠᠲᠤᠯᠠᠬᠤ᠂ ᠣᠷᠣᠯᠭ᠎ᠠ ᠶᠢ ᠨᠡᠮᠡᠭᠳᠡᠭᠦᠯᠬᠦ ︽ᠭᠤᠷᠪᠠᠨ ᠲᠣᠣᠷ︾ ᠢ ᠪᠠᠲᠤ ᠪᠠᠬᠢ ᠨᠢᠭᠲᠠ ᠰᠦᠯᠵᠢᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠬᠥᠮᠦᠨ ᠳᠤᠮᠳᠠᠴᠢ ᠶᠢᠨ ᠣᠷᠣᠯᠭ᠎ᠠ ᠶᠢᠨ ︽ᠬᠤᠶᠠᠷ ᠠᠴᠠ ᠥᠨᠳᠥᠷ ᠪᠠᠶᠢᠬᠤ︾ ᠶᠢ ᠪᠡᠶᠡᠯᠡᠭᠦᠯᠦᠨ᠎ᠡ᠃ ᠠᠵᠤ ᠦᠶ᠋ᠯᠡᠰ ᠤᠨ ᠲᠥᠷᠥᠯ ᠵᠦᠶ᠋ᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ᠂ ᠲᠠᠷᠢᠶᠠᠴᠢᠨ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ ᠶᠢ ᠪᠠᠷᠢᠮᠲᠠᠯᠠᠵᠤ᠂ 3.42 ᠳ᠋ᠦᠩᠰᠢᠭᠤᠷ ᠲᠥᠭᠦᠷᠢᠭ ᠤᠨ ᠵᠣᠯᠭᠠᠭᠤᠯᠬᠤ ᠪᠠᠯᠠ ᠮᠥᠩᠭᠦ ᠣᠷᠣᠭᠤᠯᠵᠤ᠂ 57 ᠲᠥᠷᠥᠯ ᠵᠦᠶ᠋ᠯ ᠢ ᠬᠡᠷᠡᠭᠵᠢᠭᠦᠯᠵᠦ᠂ ᠠᠵᠤ ᠦᠶ᠋ᠯᠡᠰ ᠤᠨ ᠣᠷᠣᠭᠤᠯᠤᠯᠲᠠ 65.6% ᠳᠤ ᠬᠦᠷᠪᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠬᠠᠪᠰᠤᠷᠤᠨ ᠲᠡᠳᠬᠦᠬᠦ ᠪᠠᠯᠠ ᠮᠥᠩᠭᠦ ᠶᠢ 6937 ᠲᠦᠮᠡᠨ ᠲᠥᠭᠦᠷᠢᠭ ᠨᠠᠶᠢᠳᠠᠪᠤᠷᠢᠵᠢᠭᠤᠯᠵᠤ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ 6662 ᠲᠦᠮᠡᠨ ᠲᠥᠭᠦᠷᠢᠭ ᠪᠡᠶᠡᠯᠡᠭᠦᠯᠪᠡ᠃ ᠬᠥᠳᠡᠭᠡ ᠲᠣᠰᠬᠤᠨ ᠤ ᠡᠷᠦᠬᠡ ᠶᠢᠨ ᠵᠣᠷᠯᠣᠩ 383 ᠰᠠᠭᠤᠷᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠤᠨ᠎ᠠ᠃ ᠤᠤᠭᠤᠬᠤ ᠤᠰᠤᠨ ᠤ ᠤᠰᠤᠨ ᠤ ᠴᠢᠨᠠᠷ ᠢ ᠳᠡᠭᠡᠭᠰᠢᠯᠡᠭᠦᠯᠬᠦ᠂ ᠬᠥᠮᠦᠨ ᠮᠠᠯ ᠢ ᠰᠠᠯᠭᠠᠬᠤ᠂ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠢ 90% ᠠᠴᠠ ᠳᠡᠭᠡᠭᠰᠢᠬᠢ ᠵᠠᠰᠠᠭ ᠵᠠᠬᠢᠷᠭᠠᠨ ᠤ ᠲᠣᠰᠬᠤᠨ ᠢ ᠬᠠᠮᠤᠷᠴᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠢᠯᠡ ᠪᠥᠭᠡᠳ ᠪᠦᠲᠦᠮᠵᠢᠲᠡᠶ ᠪᠣᠯᠭᠠᠪᠠ᠃    ︵ᠲᠠᠪᠤ︶ ᠣᠷᠴᠢᠨ ᠲᠣᠭᠤᠷᠢᠨ ᠢ ᠡᠭᠦᠳᠴᠦ᠂ ᠭᠤᠣᠯ ᠴᠣᠭᠴᠠ ᠶᠢ ᠪᠤᠵᠠᠭᠠᠶᠢᠷᠠᠭᠤᠯᠵᠤ᠂ ᠬᠥᠭᠵᠢᠯᠲᠡ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠢ ᠭᠦᠢᠴᠡᠳ ᠪᠠᠳᠠᠷᠠᠭᠤᠯᠤᠨ᠎ᠠ᠃    ︽ᠭᠤᠷᠪᠠᠨ ᠤᠳᠠᠭᠠᠨ︾ ᠤ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠰᠢᠯᠢᠳᠡᠭ︾ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ 34%᠂ ᠮᠠᠲ᠋ᠧᠷᠢᠶᠠᠯ ᠢ 27%᠂ ᠴᠠᠭ ᠤᠨ ᠬᠢᠵᠠᠭᠠᠷ ᠢ 68% ᠪᠠᠷ ᠪᠠᠭᠠᠰᠬᠠᠪᠠ᠃ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠴᠤᠩᠬᠤᠪᠴᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠨᠠᠨ ᠵᠥᠪᠰᠢᠶᠡᠷᠡᠬᠦ ᠶᠠᠪᠤᠴᠠ ᠶᠢ ᠨᠡᠩ ᠰᠢᠯᠢᠳᠡᠭᠵᠢᠭᠦᠯᠦᠨ᠎ᠡ᠃ ᠰᠢᠶᠠᠩ ᠲᠣᠰᠬᠤᠨ ᠬᠤᠶᠠᠷ ᠱᠠᠲᠤᠨ ᠤ ᠠᠷᠠᠳ ᠲᠤ ᠳᠥᠭᠦᠮ ᠦᠵᠡᠭᠦᠯᠬᠦ ᠦᠶ᠋ᠯᠡᠴᠢᠯᠡᠭᠡᠨ ᠤ ᠲᠥᠪ ︵ᠥᠷᠲᠡᠭᠡ︶ ᠢ 242 ᠪᠠᠶᠢᠭᠤᠯᠵᠤ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠢ ᠰᠢᠶᠠᠨ ᠰᠢᠶᠠᠩ ᠲᠣᠰᠬᠤᠨ ᠳᠤ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ ︽ᠨᠢᠭᠡ ᠰᠦᠯᠵᠢᠶ᠎ᠡ ᠪᠠᠷ ᠭᠦᠢᠴᠡᠳᠭᠡᠬᠦ᠂ ᠠᠯᠠᠭᠠᠨ ᠳᠡᠭᠡᠷ᠎ᠡ ᠪᠠᠨ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ᠂ ᠲᠠᠨ ᠢ ᠬᠠᠪᠰᠤᠷᠤᠨ ᠭᠦᠢᠴᠡᠳᠭᠡᠬᠦ ︾ ᠶᠢ ᠭᠦᠨᠵᠡᠭᠡᠶ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠪᠡ᠃ ᠮᠥᠩᠭᠦᠨ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠪᠦᠬᠦ ᠬᠤᠲᠠ ᠳᠤ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠡᠮᠵᠢᠨ ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 6 ᠰᠢᠨ᠎ᠡ ᠪᠠᠷ ᠨᠡᠮᠡᠭᠳᠡᠪᠡ᠃ ᠱᠧᠩ ᠴᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ︽ᠲᠤᠰᠬᠠᠢ ᠨᠠᠷᠢᠯᠢᠭ ᠣᠨᠴᠠᠭᠠᠢ ᠰᠢᠨ᠎ᠡ︾ ᠲᠥᠷᠥᠯ ᠵᠦᠢᠯ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠪᠠᠭᠤᠯᠢᠭ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠢᠷᠠᠭᠤ ᠠᠯᠳᠠᠷ ᠢ ᠭᠥᠷᠳᠡᠵᠦ᠂ ᠾᠧᠩ ᠱᠧᠩ ᠰᠢᠨ᠎ᠡ ᠡᠨᠧᠷᠭᠢ ᠶᠢ ᠥᠪᠡᠷᠲᠡᠭᠡᠨ ᠵᠠᠰᠠᠬᠤ ᠣᠷᠣᠨ ᠤ ︽ᠪᠣᠬᠢᠷᠲᠤᠯ ᠥᠬᠡᠶ ᠦᠢᠯᠡᠳᠪᠦᠷᠢ︾ ᠪᠠᠷ ᠵᠢᠭᠰᠠᠭᠠᠭᠳᠠᠪᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠴᠢᠨᠠᠷ ᠴᠢᠨᠰᠠᠭ᠎ᠠ ᠶᠢ ᠵᠡᠷᠭᠡᠪᠡᠷ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 2369 ᠡᠷᠦᠬᠡ ᠰᠢᠨ᠎ᠡ ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ 1.36 ᠲᠦᠮᠡᠨ ᠡᠷᠦᠬᠡ ᠳᠤ ᠬᠦᠷᠴᠦ᠂ 36% ᠪᠠᠷ ᠨᠡᠮᠡᠭᠳᠡᠪᠡ᠃ ︽ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ︾ ᠢ ᠲᠣᠭᠲᠠᠭᠠᠵᠤ᠂ ᠭᠠᠳᠠᠭᠰᠢ ᠭᠠᠷᠬᠤ ᠪᠠ ᠣᠷᠣᠭᠤᠯᠤᠨ ᠠᠪᠴᠢᠷᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ᠂ ᠬᠡᠯᠬᠢᠶᠡᠵᠢᠭᠰᠡᠨ ᠮᠠᠶ᠋ᠢᠭ ᠢᠶᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ 56᠂ 40 ᠠᠵᠢᠯ ᠢᠶᠠᠨ ᠡᠬᠢᠯᠡᠭᠦᠯᠵᠦ᠂ 24 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠬᠥᠳᠡᠯᠭᠡᠬᠦ ᠬᠦᠴᠦᠨ ᠨᠠᠩ ᠭᠦᠶ᠋ᠴᠡᠳ᠂ ᠠᠮᠢᠵᠢᠷᠠᠯ ᠤᠨ ᠬᠦᠴᠦᠨ ᠨᠠᠩ ᠴᠢᠩᠭ᠎ᠠ ᠪᠣᠯᠪᠠ᠃    ︵ᠵᠢᠷᠭᠤᠭ᠎ᠠ︶ ᠵᠣᠷᠢᠯᠲᠠ ᠪᠠᠨ ᠦᠢᠯᠡᠳᠦᠯᠭᠡᠵᠢᠭᠦᠯᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠤᠨ ᠲᠥᠯᠥᠭᠡ ᠵᠢᠳᠬᠦᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠪᠠᠲᠤ ᠴᠢᠩᠭ᠎ᠠ ᠬᠦᠴᠦᠨ ᠲᠠᠢ    ᠨᠡᠶᠢᠭᠡᠮ ᠤᠨ ᠪᠠᠲᠤᠯᠠᠭ᠎ᠠ ᠶᠢ ᠨᠡᠩ ᠲᠡᠭᠦᠯᠳᠡᠷᠵᠢᠭᠦᠯᠦᠨ᠎ᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠶᠡᠬᠡᠪᠡᠷ ᠥᠷᠨᠢᠭᠦᠯᠵᠦ᠂ ᠠᠵᠢᠯ ᠣᠯᠭᠤᠯᠲᠠ ᠶᠢ ᠣᠯᠠᠨ ᠠᠷᠭ᠎ᠠ ᠵᠠᠮ ᠢᠶᠠᠷ ᠠᠬᠢᠭᠤᠯᠵᠤ᠂ ᠬᠤᠲᠠ ᠪᠠᠯᠭᠠᠰᠤᠨ ᠤ 1179 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠠᠯᠳᠠᠭᠰᠠᠨ ᠳᠠᠩᠰᠠᠯᠠᠬᠤ ᠨᠣᠷᠮ᠎ᠠ ᠶᠢ 4.3% ᠶᠢᠨ ᠳᠣᠲᠣᠷ᠎ᠠ ᠬᠢᠵᠠᠭᠠᠷᠯᠠᠨ᠎ᠠ᠃ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ 4.7 ᠲᠦᠮᠡᠨ ᠬᠥᠮᠦᠨ ᠳᠤ ᠰᠢᠯᠵᠢᠭᠦᠯᠦᠨ ᠠᠵᠢᠯ ᠣᠯᠭᠤᠵᠤ᠂ ᠡᠭᠦᠨ ᠳᠤ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠳᠤ 0.9 ᠲᠦᠮᠡᠨ ᠬᠥᠮᠦᠨ ᠳᠤ ᠠᠵᠢᠯ ᠣᠯᠭᠤᠪᠠ᠃ ᠨᠠᠰᠤᠵᠢᠯ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠠᠵᠢᠯ ᠠᠯᠳᠠᠭᠰᠠᠳ ᠤᠨ ᠳᠠᠭᠠᠳᠬᠠᠯ ᠤᠨ ᠪᠠᠲᠤᠯᠠᠪᠠᠰᠤ ᠵᠣᠬᠢᠬᠤ ᠶᠢ ᠪᠦᠬᠦᠨ ᠢ ᠪᠠᠲᠤᠯᠠᠬᠤ ᠶᠢ ᠪᠡᠶᠡᠯᠡᠭᠦᠯᠦᠨ᠎ᠡ᠃ ᠣᠷᠣᠯᠭ᠎ᠠ ᠪᠠᠭᠠᠲᠠᠶ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠰᠢᠨᠵᠢᠬᠦ ᠪᠠ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠠᠰᠠᠷᠠᠮᠵᠢ ᠶᠢᠨ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠢ ᠪᠠᠲᠤᠯᠠᠪᠠ᠃    ᠨᠡᠶᠢᠭᠡᠮ ᠤᠨ ᠦᠢᠯᠡᠰ ᠪᠦᠬᠦ ᠲᠠᠯ᠎ᠠ ᠪᠠᠷ ᠳᠡᠪᠰᠢᠪᠡ᠃ ︽ᠲᠠᠪᠤᠨ ᠬᠥᠮᠦᠵᠢᠯ ᠢ ᠵᠡᠷᠭᠡ ᠪᠠᠷ ᠠᠳᠬᠤᠬᠤ︾ ᠶᠢ ᠯᠠᠪᠳᠠᠭᠤᠨ ᠪᠠᠲᠤᠲᠠᠶ ᠠᠬᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠵᠦ᠂ ᠡᠩ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠪᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠬᠠᠮᠵᠢᠯᠴᠠᠨ ᠠᠬᠢᠭᠤᠯᠪᠠ᠃ ᠱᠢ ᠵᠢᠢ ᠪᠠᠭ᠎ᠠ ᠰᠤᠷᠭᠠᠭᠤᠯᠢ᠂ ᠴᠦᠨ ᠮᠢᠩ ᠪᠠᠭ᠎ᠠ ᠰᠤᠷᠭᠠᠭᠤᠯᠢ᠂ ᠨᠢᠬᠡᠳᠦᠬᠡᠷ ᠳᠤᠮᠳᠠᠳᠤ ᠰᠤᠷᠭᠠᠭᠤᠯᠢ ᠨᠢ ᠪᠦᠬᠦ ᠬᠤᠳᠠ ᠶᠢᠨ ︽ᠬᠤᠶᠠᠷ ᠢ ᠬᠦᠩᠭᠡᠷᠡᠬᠦᠯᠬᠦ︾ ᠵᠢᠱᠢᠶ᠎ᠡ ᠦᠵᠡᠬᠦᠯᠬᠦ ᠰᠤᠷᠭᠠᠭᠤᠯᠢ ᠳᠤ ᠵᠢᠭᠰᠠᠭᠠᠭᠳᠠᠵᠤ᠂ ᠠᠵᠢᠯ ᠮᠡᠷᠬᠡᠵᠢᠯ ᠤᠨ ᠰᠤᠷᠭᠠᠭᠤᠯᠢ ᠨᠢ ᠪᠦᠬᠦ ᠤᠯᠤᠰ ᠤᠨ ᠪᠠᠴᠢᠮ ᠠᠪᠤᠷᠠᠯᠳᠠ ᠶᠢᠨ ᠰᠤᠷᠭᠠᠨ ᠬᠦᠮᠦᠵᠢᠯ ᠤᠨ ᠳᠤᠷᠰᠢᠯᠳᠠ ᠶᠢᠨ ᠴᠡᠭ ᠤᠨ ᠰᠤᠷᠭᠠᠭᠤᠯᠢ ᠪᠠᠷ ᠦᠨᠡᠯᠡᠭᠳᠡᠪᠡ᠃ ᠡᠮ ᠡᠮᠨᠡᠯᠭᠡ ᠶᠢᠨ ᠪᠠᠲᠤᠯᠠᠪᠤᠷᠢ ᠶᠢᠨ ᠦᠢᠯᠡᠴᠢᠯᠡᠭᠡᠨ ᠤ ᠴᠢᠳᠠᠪᠤᠷᠢ ᠲᠠᠰᠤᠷᠠᠯᠲᠠ ‍ᠦᠭᠡᠢ ᠳᠡᠭᠡᠭᠰᠢᠯᠡᠵᠡᠢ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ ᠲᠣᠭᠲᠠᠪᠤᠷᠢᠵᠢᠭᠤᠯᠤᠨ᠂ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ DIP ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠦᠨ᠎ᠡ᠃ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠦᠷ᠎ᠡ ᠪᠦᠲᠦᠮᠵᠢ ᠢᠯᠡᠳᠲᠡ ᠪᠠᠶᠢᠵᠤ᠂ ᠰᠢᠶᠠᠨ ᠤ ᠡᠮᠴᠢᠯᠡᠭᠡ ᠰᠤᠪᠢᠯᠠᠯᠲᠠ ᠶᠢᠨ ᠬᠤᠷᠢᠶ᠎ᠠ ᠨᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠪᠠᠶᠢᠭᠤᠯᠤᠮᠵᠢ ᠪᠠᠷ ᠦᠨᠡᠯᠡᠭᠳᠡᠪᠡ᠃ ︽ᠡᠮᠴᠢᠯᠡᠭᠡᠨ ᠤ ᠬᠤᠯᠪᠣᠭᠠᠲᠤ ᠴᠣᠭᠴᠠ︾ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠢᠯᠡᠳᠲᠡ ᠨᠡᠮᠡᠭᠳᠡᠭᠦᠯᠪᠡ᠃ ᠱᠢᠶᠠᠩ ᠤ ᠡᠮᠨᠡᠯᠭᠡ ᠶᠢᠨ ᠬᠤᠷᠢᠶ᠎ᠠ ︽ᠪᠦᠬᠦ ᠤᠯᠤᠰ ᠤᠨ ᠡᠮᠨᠡᠯᠭᠡ ᠶᠢᠨ ᠬᠤᠷᠢᠶᠠᠨ ᠤ ᠡᠨᠧᠷᠭᠢ ᠠᠷᠪᠢᠯᠠᠬᠤ ᠲᠣᠯᠣᠭᠠᠢᠯᠠᠭᠴᠢ ᠵᠢᠱᠢᠶ᠎ᠡ ᠦᠵᠡᠭᠦᠯᠬᠦ ᠨᠢᠭᠡᠴᠡ︾ ᠶᠢ ᠬᠦᠷᠲᠡᠪᠡ᠃ ︽ᠨᠠᠰᠤᠲᠠᠨ ᠨᠢᠯᠬᠠᠰ︾ ᠤᠨ ᠦᠢᠯᠡᠴᠢᠯᠡᠭᠡᠨ ᠤ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠪᠡ᠃ 1769 ᠡᠷᠦᠬᠡ ᠨᠠᠰᠤᠵᠢᠯᠲᠠ ᠳᠤ ᠵᠣᠬᠢᠴᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ︽ᠭᠤᠷᠪᠠ ᠶᠢ ᠥᠭᠡᠷᠡᠴᠢᠯᠡᠵᠦ ᠭᠤᠷᠪᠠ ᠶᠢ ᠵᠠᠰᠠᠬᠤ︾ ᠶᠢ 4 ᠭᠠᠵᠠᠷ ᠪᠡᠶᠡᠯᠡᠭᠦᠯᠵᠦ᠂ ᠰᠢᠶᠠᠩ ᠪᠠᠯᠭᠠᠰᠤᠨ ᠤ ᠨᠠᠰᠤᠵᠢᠯ ᠤᠨ ᠦᠢᠯᠡᠴᠢᠯᠡᠭᠡᠨ ᠤ ᠲᠥᠪ ᠢ 3 ᠰᠢᠨ᠎ᠡ ᠪᠠᠷ ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠵᠢᠱᠢᠶ᠎ᠡ ᠦᠵᠡᠭᠦᠯᠬᠦ ᠥᠷᠲᠡᠭᠡ 1 ᠶᠢ ᠪᠠᠶᠢᠭᠤᠯᠪᠠ᠃ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢ 6 ᠪᠠᠶᠢᠭᠤᠯᠵᠤ᠂ 300 ᠰᠢᠬᠠᠮ ᠣᠷᠣᠨ ᠪᠠᠶᠢᠷᠢ ᠨᠡᠮᠡᠭᠳᠡᠭᠦᠯᠪᠡ᠃ ︽ᠡᠳᠦᠷ ᠤᠨ ᠬᠦᠴᠦᠨ ᠤ ᠵᠠᠬ᠎ᠠ ᠳᠡᠯᠭᠡᠭᠦᠷ︾᠂ ︽ᠡᠳᠦᠷ ᠤᠨ ᠬᠦᠴᠦᠨ ᠤ ᠥᠷᠲᠡᠭᠡ︾ ᠨᠢ ᠠᠵᠢᠯ ᠣᠯᠭᠤᠯᠲᠠ ᠶᠢᠨ ᠲᠠᠪᠴᠠᠩ ᠢ ᠥᠷᠭᠡᠳᠬᠡᠵᠦ᠂ ︽ᠵᠢᠵᠢᠭ ᠥᠷᠲᠡᠭᠡ︾ ᠶᠢᠨ ᠦᠢᠯᠡᠴᠢᠯᠡᠭᠡᠨ ᠤ ︽ᠶᠡᠭᠡ ᠠᠵᠢᠯ ᠣᠯᠭᠤᠯᠲᠠ︾ ᠶᠢ ᠪᠡᠶᠡᠯᠡᠭᠦᠯᠪᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠪᠡ᠃    ᠰᠠᠭᠤᠷᠢ ᠲᠥᠬᠦᠭᠡᠷᠦᠮᠵᠢ ᠶᠢᠨ ᠳᠡᠰ ᠳᠡᠪᠰᠢᠪᠡ᠃ ︽ᠬᠤᠶᠠᠷ ᠬᠥᠨᠳᠡᠯᠡᠨ ᠨᠢᠭᠡ ᠭᠤᠤᠯ︾ ᠢ ᠦᠨᠳᠦᠰᠦᠨ ᠳᠤ ᠪᠠᠨ ᠨᠡᠪᠲᠡᠷᠡᠭᠦᠯᠵᠦ᠂ ᠬᠤᠲᠠ ᠶᠢᠨ ᠶᠠᠪᠤᠳᠠᠯ ᠤᠨ ᠵᠠᠮ ᠤᠨ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ 2 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠬᠥᠳᠡᠭᠡ ᠲᠣᠰᠬᠤᠨ ᠤ 44 ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠵᠤ᠂ 300 ᠢᠵᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠪᠡᠶᠡᠯᠡᠭᠦᠯᠪᠡ᠃ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠢ 3 ᠪᠠᠶᠢᠭᠤᠯᠵᠤ᠂ ᠨᠡᠭᠦᠳᠡᠯ ᠬᠤᠳᠠᠯᠳᠤᠭᠠᠴᠢᠨ ᠪᠠ ︽ᠵᠠᠰᠠᠮᠠᠯ ᠵᠠᠮ ᠤᠨ ᠵᠠᠬ᠎ᠠ ᠳᠡᠯᠭᠡᠭᠦᠷ︾ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠲᠣᠰᠬᠤᠨ ᠳᠤᠭᠤᠶᠢᠯᠠᠩ ᠤᠨ ᠵᠠᠮ᠂ ᠲᠣᠰᠬᠤᠨ ᠤ ᠳᠣᠲᠣᠷᠠᠬᠢ ᠵᠠᠮ᠂ ᠠᠵᠤ ᠦᠢᠯᠡᠰ ᠤᠨ ᠵᠠᠮ᠂ ᠵᠢᠭᠤᠯᠴᠢᠯᠠᠯ ᠤᠨ ᠵᠠᠮ ᠢ 90 ᠺᠢᠯᠣᠮᠧᠲᠷ ᠰᠢᠨ᠎ᠡ ᠪᠠᠷ ᠪᠠᠶᠢᠭᠤᠯᠤᠨ᠎ᠠ᠃ 9 ᠨᠡᠶᠢᠲᠡ ᠶᠢᠨ ᠵᠣᠷᠯᠣᠩ᠂ 37 ᠬᠤᠭ ᠨᠣᠪᠰᠢ ᠰᠢᠲᠠᠭᠠᠵᠤ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢ ᠰᠢᠨ᠎ᠡ ᠪᠠᠷ ᠪᠠᠶᠢᠭᠤᠯᠤᠨ ᠥᠭᠡᠷᠡᠴᠢᠯᠡᠪᠡ᠃ ᠬᠤᠲᠠ ᠶᠢᠨ ᠳᠦᠷᠰᠦ ᠪᠠᠶᠢᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ 2 ᠲᠦᠮᠡ ᠭᠠᠷᠤᠶ ᠲᠡᠭᠰᠢ ᠳᠥᠷᠪᠡᠯᠵᠢᠨ ᠮᠧᠳ᠋ᠷ ᠢ ᠨᠤᠷᠠᠭᠠᠵᠤ᠂ ᠬᠤᠲᠠ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠪᠠ᠃    ᠨᠡᠶᠢᠭᠡᠮ ᠤᠨ ᠵᠠᠰᠠᠯᠲᠠ ᠲᠠᠰᠤᠷᠠᠯᠲᠠ ᠦᠭᠡᠢ ᠴᠢᠩᠭᠠᠷᠠᠪᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠢᠶᠠᠷ ᠰᠠᠶᠢᠵᠢᠷᠠᠪᠠ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠯᠠᠪᠳᠠᠭᠤᠨ ᠪᠠᠲᠤᠲᠠᠶ ᠰᠡᠷᠭᠡᠶᠢᠯᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠪᠥᠬᠦ ᠬᠦᠴᠦᠨ ᠢᠶᠠᠷ ᠢᠶᠠᠨ ᠠᠷᠢᠯᠭᠠᠵᠤ᠂ ᠥᠭᠴᠡᠭᠡᠨ ᠤ ᠨᠣᠷᠮ᠎ᠠ 4 ᠵᠢᠯ ᠳᠠᠷᠠᠭᠠᠯᠠᠨ ᠪᠣᠬᠢᠷᠲᠤᠯ ᠥᠬᠡᠶ ᠵᠡᠷᠭᠡ ᠳᠡᠰ ᠢ ᠪᠠᠲᠤᠯᠠᠵᠤ᠂ ᠣᠷᠣᠨ ᠪᠦᠰᠡ ᠶᠢᠨ ᠴᠢᠨᠠᠷᠲᠠᠶ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠪᠠ᠃ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠶᠡᠭᠡ ᠲᠠᠯ᠎ᠠ ᠦᠷᠭᠦᠯᠵᠢᠯᠡᠨ ᠲᠣᠭᠲᠠᠭᠤᠨ ᠪᠠᠶᠢᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠪᠡ᠃    ︵ᠳᠤᠯᠤᠭ᠎ᠠ︶ ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃    ᠨᠠᠮ ᠤᠨ ᠤᠳᠤᠷᠢᠳᠤᠯᠭ᠎ᠠ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠵᠠᠰᠠᠯᠲᠠ ᠶᠢᠨ ᠦᠷ᠎ᠡ ᠪᠦᠲᠦᠮᠵᠢ ᠪᠠ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠰᠢᠶᠠᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠬᠤ ᠪᠠ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢ ᠪᠠᠷ ᠵᠠᠰᠠᠬᠤ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ 52 ᠬᠤᠪᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ 102 ᠬᠤᠪᠢ ᠴᠢᠨᠠᠷ ᠰᠠᠶᠢᠲᠠᠢ ᠪᠡᠶᠡᠯᠡᠭᠦᠯᠪᠡ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠭᠤᠭᠴᠤᠭ᠎ᠠ ᠶᠢᠨ ᠳᠦᠷᠢᠮ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠠᠷᠢᠭᠤᠨ ᠴᠢᠬᠡᠴᠢ᠂ ᠠᠷᠢᠭᠤᠨ ᠴᠢᠬᠡᠴᠢ ᠪᠠᠷ ᠠᠵᠢᠯ ᠬᠢᠬᠦ ᠰᠢᠯᠢᠳᠡᠭ ᠰᠤᠷᠲᠠᠯ ᠢ ᠪᠤᠢ ᠪᠣᠯᠭᠠᠨ᠎ᠠ᠃    ᠡᠭᠦᠨ ᠠᠴᠠ ᠭᠠᠳᠠᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ ᠠᠰᠠᠷᠠᠨ ᠬᠠᠷᠠᠭᠠᠯᠵᠠᠬᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠰᠢᠨ᠎ᠡ ᠠᠬᠢᠴᠠ ᠲᠠᠢ ᠪᠣᠯᠵᠤ᠂ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠰᠣᠨᠢᠨ ᠮᠡᠳᠡᠭᠡ ᠷᠠᠳᠢᠣ᠋ ᠲᠧᠯᠸᠢᠰ᠂ ᠲᠤᠭ᠎ᠠ ᠪᠦᠷᠢᠳᠭᠡᠯ ᠪᠠᠶᠢᠴᠠᠭᠠᠯᠲᠠ᠂ ᠲᠡᠦᠬᠡ ᠣᠶᠢᠯᠠᠯᠭ᠎ᠠ ᠶᠢᠨ ᠳᠠᠩᠰᠠ ᠡᠪᠬᠡᠮᠡᠯ ᠵᠡᠷᠭᠡ ᠠᠵᠢᠯ ᠰᠢᠨ᠎ᠡ ᠦᠷ᠎ᠡ ᠪᠦᠲᠦᠮᠵᠢ ᠣᠯᠵᠤ᠂ ᠦᠲᠡᠭᠦᠰ᠂ ᠠᠵᠢᠯᠴᠢᠨ ᠤ ᠡᠪᠯᠡᠯ᠂ ᠤᠯᠠᠭᠠᠨ ᠵᠠᠭᠠᠯᠮᠠᠶᠢᠲᠠᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠵᠡᠮᠳᠡᠭᠴᠦᠳ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠡᠮᠡᠭᠲᠡᠶᠢᠴᠦᠳ ᠬᠡᠦᠬᠡᠳ ᠵᠡᠷᠭᠡ ᠡᠯ᠎ᠡ ᠵᠦᠢᠯ ᠤᠨ ᠠᠵᠢᠯ ᠦᠢᠯᠡᠰ ᠰᠢᠨ᠎ᠡ ᠳᠡᠭᠲᠡᠷ ᠲᠤ ᠭᠠᠷᠪᠠ᠃    ᠲᠥᠯᠥᠭᠡᠯᠡᠭᠴᠢᠳ ᠡ︕ ᠦᠵᠡᠬᠦ ᠳᠤ ᠶᠡᠷᠦ ᠪᠤᠰᠤ ᠶᠢᠨ ᠪᠣᠯᠪᠠᠴᠤ ᠦᠵᠡᠬᠦ ᠳᠤ ᠬᠢᠯᠪᠠᠷ ᠪᠤᠰᠤ ᠶᠤᠮ᠃ ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ᠂ ᠠᠮᠢᠳᠤᠯᠢᠭ ᠦᠢᠯᠡᠳᠦᠯᠭᠡ ᠶᠢᠨ ᠦᠷ᠎ᠡ ᠳ᠋ᠦᠩ ᠮᠥᠨ᠂ ᠰᠢᠶᠠᠨ ᠤ ᠨᠠᠮ ᠤᠨ ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ ᠂ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠷᠢᠨ ᠬᠢᠨᠠᠮᠠᠭᠠᠢ ᠬᠢᠨᠠᠯᠲᠠ ᠲᠠᠯᠪᠢᠵᠤ᠂ ᠶᠡᠬᠡᠪᠡᠷ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ ᠰᠢᠶᠠᠨ ᠤ ᠠᠷᠠᠳ ᠲᠦᠮᠡᠨ ᠰᠡᠳᠬᠢᠯ ᠨᠢᠭᠡᠳᠦᠨ ᠴᠢᠭᠯᠡᠯ ᠢᠶᠠᠨ ᠨᠢᠭᠡᠳᠬᠡᠵᠦ᠂ ᠰᠢᠷᠭᠠᠭᠤ ᠬᠠᠲᠠᠭᠤᠵᠢᠯᠲᠠᠢ ᠪᠣᠳᠠᠲᠠᠢ ᠠᠵᠢᠯᠯᠠᠭᠰᠠᠨ ᠤ ᠦᠷ᠎ᠡ ᠳ᠋ᠦᠩ ᠮᠥᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠯᠠᠮᠵᠢᠯᠠᠨ ᠠᠩᠬᠠᠷᠴᠤ᠂ ᠪᠦᠬᠦ ᠬᠦᠴᠦᠨ ᠢᠶᠠᠷ ᠢᠶᠠᠨ ᠬᠠᠪᠰᠤᠷᠤᠭᠰᠠᠨ ᠤ ᠦᠷ᠎ᠡ ᠳ᠋ᠦᠩ ᠮᠥᠨ᠃ ᠠᠳᠡ᠂ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠰᠢᠶᠠᠨ ᠤ ᠥᠷᠭᠡᠨ ᠤᠯᠠᠨ ᠺᠠᠳ᠋ᠷ ᠤᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳ ᠤᠨ ᠪᠦᠯᠬᠦᠮ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ ᠱᠠᠩᠳᠤ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕    ᠠᠮᠵᠢᠯᠲᠠ ᠪᠠᠨ ᠨᠤᠲᠠᠯᠠᠬᠤ ᠶᠢᠨ ᠬᠠᠮᠲᠤ᠂ ᠵᠠᠰᠠᠭ ᠤᠨ ᠣᠷᠳᠣᠨ ᠤ ᠠᠵᠢᠯ ᠳᠤ ᠪᠠᠰᠠ ᠡᠯ᠎ᠡ ᠵᠦᠢᠯ ᠤᠨ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ ᠤᠯᠪᠠ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠬᠢᠨᠠᠮᠠᠭᠠᠢ ᠰᠢᠢᠳᠪᠦᠷᠢᠯᠡᠨ᠎ᠡ᠃    ᠬᠤᠶᠠᠷ᠂ 2024 ᠣᠨ ᠤ ᠭᠤᠣᠯ ᠡᠭᠦᠷᠭᠡ    ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠪᠠᠰᠠ ᠴᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ ᠮᠥᠨ᠃ ᠰᠢᠶᠠᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠪᠣᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠᠷ ᠭᠠᠷᠳᠠᠴᠠ ᠪᠣᠯᠭᠠᠵᠤ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶ ᠬᠡᠷᠡᠭᠵᠢᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ︽ᠨᠢᠭᠡ ᠬᠤᠶᠠᠷ ᠭᠤᠷᠪᠠ ᠳᠥᠷᠪᠡ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠠᠬᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠶ ᠰᠠᠶᠢᠲᠤᠷ ᠵᠠᠮᠨᠠᠵᠤ᠂ ᠪᠥᠬᠦ ᠰᠢᠶᠠᠨ ᠤ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠢ ᠪᠥᠬᠦ ᠬᠤᠲᠠ ᠳᠤ ︽ᠡᠮᠦᠨ᠎ᠡ ᠡᠩᠨᠡᠭᠡᠨ ᠳᠤ ᠵᠢᠭᠰᠠᠭᠠᠨ︾᠂ ᠥᠪᠡᠷᠲᠡᠭᠡᠨ ᠵᠠᠰᠠᠬᠤ ᠣᠷᠣᠨ ᠤ ︽ᠮᠠᠩᠯᠠᠶᠢᠯᠠᠬᠤ︾ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠨᠠᠩ ᠣᠯᠠᠨ ᠱᠠᠩᠳᠤ ᠶᠢᠨ ᠬᠤᠪᠢ ᠨᠡᠮᠡᠷᠢ ᠦᠵᠡᠭᠦᠯᠬᠦ ᠶᠢ ᠠᠬᠢᠭᠤᠯᠤᠨ᠎ᠠ᠃    ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 30% ᠠᠴᠠ ᠳᠡᠭᠡᠭᠰᠢ ᠨᠡᠮᠡᠭᠳᠡᠭᠦᠯᠦᠨ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 5% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 6% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 7% ᠪᠠ 9% ᠣᠷᠴᠢᠮ ᠨᠡᠮᠡᠭᠳᠡᠭᠦᠯᠦᠨ᠎ᠡ᠃    ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠳᠣᠤᠷᠠᠬᠢ ᠨᠠᠢᠮᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄    ︵ᠨᠢᠭᠡ︶ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠡᠭᠦᠳᠪᠡ    ᠬᠥᠳᠡᠭᠡ ᠠᠵᠤ ᠠᠬᠤᠢ ᠶᠢᠨ ᠬᠥᠭᠵᠢᠯᠲᠦ ᠶᠢ ᠬᠦᠴᠦᠷᠬᠡᠭᠵᠢᠭᠦᠯᠬᠦ ᠬᠡᠷᠡᠭᠲᠡᠢ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ︽ᠨᠢᠭᠡ ᠲᠥᠮᠥᠰᠥ ᠰᠠᠭᠠᠯᠢ ᠶᠢᠨ ᠦᠨᠢᠶ᠎ᠡ ᠮᠢᠬᠠᠨ ᠦᠬᠡᠷ︾ ᠢᠶᠠᠷ ᠭᠤᠣᠯᠳᠠᠯᠭ᠎ᠠ ᠪᠣᠯᠭᠠᠨ᠂ ᠠᠵᠤ ᠦᠢᠯᠡᠰ ᠤᠨ ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ ᠲᠠᠯᠠᠪᠠᠢ ᠶᠢ ᠲᠣᠭᠲᠠᠪᠤᠷᠢᠵᠢᠭᠤᠯᠬᠤ᠂ ᠲᠠᠯᠠᠪᠠᠢ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠬᠤᠶᠠᠷ ᠲᠠᠯ᠎ᠠ ᠪᠠᠷ ᠬᠦᠴᠦᠯᠡᠬᠦ ᠶᠢ ᠪᠠᠷᠢᠮᠲᠠᠯᠠᠵᠤ᠂ ᠠᠮᠤ ᠪᠤᠳᠠᠭᠠᠨ ᠤ ᠲᠠᠷᠢᠮᠠᠯ ᠤᠨ ᠲᠠᠷᠢᠬᠤ ᠲᠠᠯᠠᠪᠠᠢ ᠶᠢ 105 ᠲᠦᠮᠡᠨ ᠮᠦ ᠳᠤ ᠲᠣᠭᠲᠠᠪᠤᠷᠢᠵᠢᠭᠤᠯᠵᠤ᠂ ᠲᠥᠮᠥᠰᠥ ᠶᠢ ᠬᠡᠪᠴᠢᠶᠡᠵᠢᠭᠦᠯᠦᠨ ᠲᠠᠷᠢᠬᠤ ᠶᠢ 25 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠲᠦᠮᠦᠰᠦ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠰᠠᠨᠰᠠᠷ ᠤᠨ ᠠᠶᠠᠯᠠᠯ ᠤᠨ ᠦᠷ᠎ᠡ ᠪᠤᠶᠢᠵᠢᠭᠤᠯᠬᠤ᠂ ᠭᠧᠨ ᠤ ᠨᠠᠶᠢᠷᠠᠭᠤᠯᠭ᠎ᠠ ᠵᠡᠷᠭᠡ ᠰᠣᠩᠭᠤᠨ ᠪᠤᠶᠢᠵᠢᠭᠤᠯᠬᠤ ᠰᠢᠨ᠎ᠡ ᠶᠢ ᠡᠭᠦᠳᠬᠦ ᠠᠵᠢᠯ ᠥᠷᠨᠢᠭᠦᠯᠬᠦ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠠᠶᠢᠭᠤᠯᠵᠤ᠂ ᠤᠯᠤᠰ ᠤᠨ ᠣᠷᠣᠨ ᠪᠦᠰᠡ ᠶᠢᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠦᠨ᠎ᠡ᠃ ᠯᠠᠨ ᠲᠢᠶᠠᠨ ᠹᠦ᠋ ᠵᠢᠩ ᠲᠠᠩ ᠤᠨ ᠵᠢᠯ ᠳᠤ 2 ᠲᠦᠮᠡᠨ ᠲᠣᠨ ᠲᠥᠮᠥᠰᠥᠨ ᠤ ᠪᠦᠷᠢᠨ ᠨᠤᠨᠲᠠᠭ ᠦᠢᠯᠡᠳᠪᠦᠷᠢᠯᠡᠬᠦ ᠦᠢᠯᠡᠳᠪᠦᠷᠢᠯᠡᠯ ᠤᠨ ᠱᠤᠭᠤᠮ᠂ ᠵᠢᠩᠬᠢᠨᠢ ᠰᠢᠨ᠎ᠡ ᠢᠳᠡᠭᠡᠨ ᠵᠢᠯ ᠳᠤ 5 ᠲᠦᠮᠡᠨ ᠲᠣᠨ ᠲᠥᠮᠥᠰᠦᠨ ᠤ ᠵᠦᠢᠯ ᠦᠢᠯᠡᠳᠪᠦᠷᠢᠯᠡᠬᠦ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠥᠮᠥᠰᠥ ᠶᠢ ᠲᠤᠬᠠᠶ ᠶᠢᠨ ᠭᠠᠵᠠᠷ ᠲᠤᠨᠢ ᠬᠤᠪᠢᠷᠠᠭᠤᠯᠬᠤ ᠨᠣᠷᠮ᠎ᠠ ᠪᠠ ᠨᠠᠷᠢᠯᠢᠭ ᠪᠣᠯᠪᠠᠰᠤᠷᠠᠭᠤᠯᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠤᠯᠤᠰ ᠤᠨ ᠲᠥᠮᠥᠰᠥ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠨᠡᠶᠢᠲᠡᠯᠢᠭ ᠰᠢᠶᠠᠨ ᠤ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠪᠠ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠪᠤᠶᠢᠵᠢᠭᠤᠯᠤᠨ ᠬᠥᠭᠵᠢᠭᠦᠯᠵᠦ᠂ ᠠᠯᠠᠰᠢᠨ ᠦᠬᠡᠷ᠂ ᠠᠯᠠᠰᠢᠨ ᠬᠤᠨᠢᠨ ᠤ ᠲᠤᠭ᠎ᠠ ᠲᠤᠯᠤᠭᠠᠢ ᠶᠢ ᠲᠤᠰ ᠲᠤᠰ 7 ᠲᠦᠮᠡ᠂ 95 ᠲᠦᠮᠡ ᠶᠢ ᠳᠠᠪᠠᠭᠤᠯᠬᠤ ᠪᠠᠷ ᠴᠢᠷᠮᠠᠶᠢᠨ᠎ᠠ᠃ ᠢᠯᠢ ᠪᠦᠯᠦᠭᠯᠡᠯ ᠤᠨ ᠰᠢᠯᠢᠳᠡᠭ ᠮᠠᠯ ᠠᠵᠤ ᠠᠬᠤᠢ ᠶᠢᠨ ᠦᠢᠯᠡᠳᠪᠦᠷᠢᠯᠡᠯ ᠢᠶᠠᠨ ᠥᠷᠭᠡᠳᠬᠡᠬᠦ ᠶᠢ ᠠᠬᠢᠭᠤᠯᠵᠤ᠂ ᠵᠢᠯ ᠳᠤ 10 ᠲᠦᠮᠡᠨ ᠲᠣᠨ ᠠᠴᠠ ᠳᠡᠭᠡᠭᠰᠢ ᠴᠢᠨᠠᠷ ᠰᠠᠶᠢᠲᠠᠶ ᠰᠦ ᠦᠢᠯᠡᠳᠪᠦᠷᠢᠯᠡᠬᠦ ᠶᠢ ᠪᠡᠶᠡᠯᠡᠭᠦᠯᠦᠨ᠎ᠡ᠃ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠨ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠢ ᠡᠭᠦᠳᠦᠨ ᠪᠠᠶᠢᠭᠤᠯᠬᠤ ᠡᠷᠴᠢᠮ ᠢ ᠴᠢᠩᠭᠠᠷᠠᠭᠤᠯᠵᠤ᠂ ᠨᠠᠷᠠᠲᠤ ᠰᠢᠯᠢᠳᠡᠭ ᠣᠨᠴᠠ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠪᠤᠵᠠᠭᠠᠶᠢᠷᠠᠭᠤᠯᠤᠨ ᠵᠠᠬ᠎ᠠ ᠳᠡᠯᠭᠡᠭᠦᠷ᠂ ᠪᠥᠬᠦ ᠤᠯᠤᠰ ᠲᠤ ᠭᠠᠷᠭᠠᠬᠤ ᠶᠢ ᠠᠬᠢᠭᠤᠯᠤᠨ᠎ᠠ᠃    ᠬᠥᠳᠡᠭᠡ ᠲᠣᠰᠭᠤᠨ ᠤ ᠳᠦᠷᠰᠦ ᠪᠠᠢᠳᠠᠯ ᠢ ︽ᠰᠠᠢᠬᠠᠨ ᠪᠣᠯᠭᠠᠬᠤ︾ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠪᠠᠷ ᠵᠢᠯᠣᠭᠤᠳᠤᠮᠵᠢ ᠪᠣᠯᠭᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠪᠠᠶᠢᠩᠭᠤᠵᠢᠭᠰᠠᠨ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠦᠨ᠎ᠠ᠃ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠪᠣᠬᠢᠷ ᠤᠰᠤ ᠶᠢ ᠲᠥᠪᠯᠡᠷᠡᠭᠦᠯᠦᠨ ᠰᠢᠶ᠋ᠳᠪᠦᠷᠢᠯᠡᠬᠦ ᠢᠨᠵᠧᠨᠧᠷᠢᠩ ᠢ ᠬᠡᠷᠡᠭᠵᠢᠭᠦᠯᠵᠦ᠂ ᠶᠡᠷᠦᠩᠬᠡᠶᠢᠯᠡᠨ ᠴᠤᠭᠯᠠᠭᠤᠯᠬᠤ᠂ ᠬᠤᠤᠷ ᠥᠬᠡᠶᠢᠳᠡᠭᠦᠯᠦᠨ ᠰᠢᠶ᠋ᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠨᠠᠰᠤᠵᠢᠯ ᠤᠨ ᠠᠰᠠᠷᠠᠮᠵᠢ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠱᠦᠶ ᠴᠢᠤᠸᠠᠨ ᠯᠢᠶᠠᠩ ᠤᠨ ᠬᠡᠪᠴᠢᠶᠡᠵᠢᠭᠰᠡᠨ ᠤᠰᠤ ᠬᠠᠩᠭᠠᠬᠤ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠤᠲᠠ ᠬᠥᠳᠡᠭᠡ ᠶᠢᠨ ᠤᠰᠤ ᠬᠠᠩᠭᠠᠬᠤ ᠶᠢ ᠨᠢᠭᠡ ᠴᠣᠭᠴᠠᠵᠢᠭᠤᠯᠬᠤ ᠶᠢ ᠶᠡᠬᠡᠪᠡᠷ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠤᠨ᠎ᠠ᠃ 28.9 ᠺᠢᠯᠣᠮᠧᠳ᠋ᠷ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ᠂ ᠳᠥᠷᠪᠡᠳᠦᠭᠡᠷ ᠳᠡᠰ ᠤᠨ ᠵᠠᠰᠠᠮᠠᠯ ᠵᠠᠮ ᠢ 23.5 ᠺᠢᠯᠣᠮᠧᠳ᠋ᠷ ᠳᠡᠰ ᠳᠡᠪᠰᠢᠭᠦᠯᠦᠨ ᠥᠭᠡᠷᠡᠴᠢᠯᠡᠨ᠎ᠡ᠃ ᠤᠯᠠᠨ ᠲᠦᠮᠡᠨ ᠤ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠯᠪᠠᠰᠤᠨ ᠭᠡᠷ ᠪᠦᠯᠢ᠂ ᠶᠣᠰᠣ ᠰᠤᠷᠲᠠᠬᠤᠨ ᠤ ᠵᠢᠱᠢᠶᠡᠴᠢ ᠶᠢ ᠰᠢᠯᠭᠠᠷᠠᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠤᠪᠢ ᠬᠤᠷᠠᠮᠳᠤᠭᠤᠯᠬᠤ ᠲᠦᠷᠢᠮ᠂ ᠨᠠᠷᠢᠨ ᠲᠠᠩᠰᠠ ᠶᠢᠨ ᠲᠦᠷᠢᠮ᠂ ᠲᠣᠣᠷᠵᠢᠭᠤᠯᠤᠭᠰᠠᠨ ᠵᠠᠰᠠᠯᠲᠠ ᠶᠢᠨ ᠵᠠᠭᠪᠤᠷ ᠢ ᠳᠡᠯᠭᠡᠷᠡᠭᠦᠯᠦᠨ ᠬᠡᠷᠡᠭᠯᠡᠵᠦ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃    ᠲᠠᠷᠢᠶᠠᠴᠢᠨ ᠤ ᠠᠮᠢᠳᠤᠷᠠᠯ ᠢ ᠰᠠᠶᠢᠵᠢᠷᠠᠭᠤᠯᠤᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠶᠢ ᠡᠷᠡᠰ ᠰᠡᠷᠭᠡᠶᠢᠯᠡᠨ᠎ᠡ᠃ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠦᠷᠦᠯ ᠵᠦᠢᠯ ᠢ ᠶᠡᠬᠡᠪᠡᠷ ᠬᠡᠷᠡᠭᠵᠢᠭᠦᠯᠵᠦ᠂ ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠳᠠᠶᠢᠴᠢᠯᠠᠬᠤ ᠲᠣᠭᠲᠠᠴᠠ ᠶᠢ ᠪᠦᠷᠢᠨᠰᠢᠬᠦᠯᠵᠦ᠂ ᠤᠯᠠᠨ ᠲᠦᠮᠡᠨ ᠢ ᠪᠠᠶᠠᠵᠢᠭᠤᠯᠬᠤ ᠠᠷᠭ᠎ᠠ ᠵᠠᠮ ᠢ ᠨᠡᠩ ᠥᠷᠭᠡᠨ ᠪᠣᠯᠭᠠᠵᠤ᠂ ᠣᠷᠣᠯᠭ᠎ᠠ ᠶᠢ ᠨᠡᠩ ᠪᠠᠲᠤᠯᠠᠭ᠎ᠠ ᠲᠠᠢ ᠪᠣᠯᠭᠠᠨ᠎ᠠ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠦᠷ᠎ᠡ ᠠᠰᠢᠭ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠰᠣᠯᠢᠯᠴᠠᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ︽ᠪᠦᠯᠬᠦᠮ ᠪᠠᠶᠢᠭᠤᠯᠬᠤ ᠬᠡᠯᠪᠡᠷᠢ︾ ᠶᠢᠨ ᠬᠠᠪᠰᠤᠷᠤᠨ ᠲᠡᠳᠬᠦᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠨᠡᠩ ᠤᠯᠠᠨ ᠴᠢᠳᠠᠪᠤᠷᠢᠲᠠᠨ ᠪᠠ ᠡᠬᠢ ᠪᠠᠶᠠᠯᠢᠭ ᠤᠨ ᠳᠡᠮᠵᠢᠯᠭᠡ ᠶᠢ ᠤᠯᠬᠤ ᠪᠠᠷ ᠴᠢᠷᠮᠠᠶᠢᠨ᠎ᠠ᠃ ᠲᠣᠰᠬᠤᠨ ᠤ ᠪᠠᠶᠢᠳᠠᠯ ᠳᠤᠨᠢ ᠲᠣᠬᠢᠷᠠᠭᠤᠯᠬᠤ᠂ ᠣᠨᠴᠠᠯᠢᠭ ᠢ ᠳᠣᠪᠤᠶᠢᠯᠭᠠᠬᠤ ᠶᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢ ᠵᠣᠷᠢᠭᠵᠢᠭᠤᠯᠤᠨ ᠪᠡᠯᠡᠳᠭᠡᠮᠵᠢᠳᠤ ᠲᠠᠷᠢᠶᠠᠯᠠᠩ᠂ ᠰᠡᠯᠡᠭᠦᠴᠡᠯ ᠲᠡᠭᠦᠬᠦ᠂ ᠢᠳᠡᠭᠡᠨ ᠤᠮᠳᠠᠭᠠᠨ ᠤ ᠠᠷᠠᠳ ᠤᠨ ᠰᠠᠭᠤᠴᠠ ᠵᠡᠷᠭᠡ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠵᠦ᠂ ᠨᠠᠩ ᠣᠯᠠᠨ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃    ︵ᠬᠤᠶᠠᠷ︶ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠬᠤ ᠰᠢᠨ᠎ᠡ ᠬᠥᠳᠡᠯᠭᠡᠭᠦ ᠬᠦᠴᠦᠨ ᠢ ᠪᠤᠶᠢᠵᠢᠭᠤᠯᠤᠶ᠎ᠠ    ᠠᠵᠤ ᠦᠢᠯᠡᠰ ᠤᠨ ᠥᠷᠢᠰᠥᠯᠳᠦᠭᠡᠨ ᠤ ᠪᠤᠳᠠᠲᠤ ᠬᠦᠴᠦᠨ ᠢ ᠳᠡᠭᠡᠭᠰᠢᠯᠡᠭᠦᠯᠬᠦ᠃ ᠭᠤᠣᠯᠳᠠᠭᠤ ᠰᠢᠨ᠎ᠡ ᠡᠨᠧᠷᠭᠢ ᠂ ᠰᠢᠨ᠎ᠡ ᠮᠠᠲ᠋ᠧᠷᠢᠶᠠᠯ ᠪᠣᠯᠤᠨ ᠰᠢᠨ᠎ᠡ ᠲᠣᠨᠣᠭᠯᠠᠯ ᠦᠢᠯᠡᠳᠬᠦ ᠭᠤᠷᠪᠠᠨ ᠶᠡᠭᠡ ᠠᠵᠤ ᠦᠢᠯᠡᠰ ᠤᠨ ᠲᠣᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠳᠡᠭᠡᠷ᠎ᠡ ᠬᠦᠴᠦ ᠲᠠᠯᠪᠢᠵᠤ᠂ ᠡᠬᠢ ᠠᠳᠠᠭ ᠨᠢ ᠬᠤᠯᠪᠣᠯᠳᠤᠭᠰᠠᠨ᠂ ᠬᠠᠷᠢᠯᠴᠠᠨ ᠬᠠᠩᠭᠠᠯᠭ᠎ᠠ ᠬᠡᠷᠡᠭᠴᠡᠭᠡ᠂ ᠴᠢᠳᠠᠮᠵᠢ ᠨᠢ ᠢᠵᠢ ᠪᠦᠷᠢᠳᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠪᠥᠭᠡᠮᠨᠡᠷᠡᠯ ᠢ ᠪᠠᠶᠢᠭᠤᠯᠤᠨ᠎ᠠ᠃ ᠰᠢᠨ᠎ᠡ ᠡᠨᠧᠷᠭᠢ ᠶᠢᠨ ᠲᠠᠯ᠎ᠠ ᠪᠠᠷ᠂ ︽ᠰᠢᠨ᠎ᠡ ᠡᠨᠧᠷᠭᠢ ᠶᠢᠨ ᠬᠦᠷᠢᠶᠡᠨ ᠳᠤ ᠪᠠᠰᠠ ᠨᠢᠭᠡ ︿ᠠᠵᠤ ᠦᠢᠯᠡᠳᠪᠦᠷᠢ ᠶᠢᠨ ᠥᠪᠥᠷ ᠮᠣᠩᠭᠤᠯ﹀ ᠢ ᠪᠠᠶᠢᠭᠤᠯᠬᠤ︾ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠵᠢᠯ ᠳᠤ 10 ᠲᠦᠮᠡᠨ ᠲᠣᠨ ᠰᠠᠯᠬᠢ ᠭᠡᠷᠡᠯᠴᠢ ᠴᠡᠨᠡᠭ ᠤᠰᠤᠲᠥ᠋ᠷᠥᠭᠴᠢ ᠦᠢᠯᠡᠳᠬᠦ᠂ ᠭᠤᠷᠪᠠᠨ ᠬᠠᠪᠴᠢᠯ ᠤᠨ 50 ᠲᠦᠮᠡᠨ ᠺᠢᠯᠣᠸᠠᠲ ᠪᠣᠯᠤᠨ ᠰᠢᠶᠠᠩ ᠹᠦ᠋ ᠶᠢᠨ 58 ᠲᠦᠮᠡᠨ ᠺᠢᠯᠣᠸᠠᠲ ᠤᠨ ᠴᠠᠬᠢᠯᠭᠠᠨ ᠲᠣᠣᠷ ᠤᠨ ᠳᠠᠭᠠᠭᠠᠴᠠ ᠶᠢᠨ ᠬᠠᠳᠠᠭᠠᠯᠠᠯᠲᠠ᠂ ᠮᠧᠩ ᠨᠧᠩ 150 ᠲᠦᠮᠡᠨ ᠺᠢᠯᠣᠸᠠᠲ ᠤᠨ ᠭᠡᠷᠡᠯ ᠴᠡᠨᠡᠭ ᠤᠨ ᠡᠪᠡᠰᠦᠨ ᠤ ᠮᠠᠯ ᠠᠵᠤ ᠠᠬᠤᠢ᠂ ᠵᠦᠩ ᠴᠧ 30 ᠲᠦᠮᠡᠨ ᠺᠢᠯᠣᠸᠠᠲ ᠤᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠵᠡᠷᠭᠡ ᠲᠦᠷᠦᠯ ᠵᠦᠢᠯ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠰᠠᠯᠬᠢ ᠭᠡᠷᠡᠯ ᠤᠰᠤᠲᠥ᠋ᠷᠥᠭᠴᠢ ᠨᠥᠭᠡᠴᠡᠯᠡᠬᠦ ᠠᠵᠤ ᠦᠢᠯᠡᠰ ᠤᠨ ᠪᠦᠯᠦᠭᠵᠢᠯ ᠢ ᠴᠢᠷᠮᠠᠶᠢᠨ ᠪᠠᠶᠢᠭᠤᠯᠤᠨ᠎ᠠ᠃ ᠰᠢᠨ᠎ᠡ ᠮᠠᠲ᠋ᠧᠷᠢᠶᠠᠯ ᠤᠨ ᠲᠠᠯ᠎ᠠ ᠪᠠᠷ᠂ ᠰᠢᠤᠢ ᠶᠠᠩ ᠪᠦᠯᠦᠭᠯᠡᠯ ᠤᠨ 20 ᠲᠦᠮᠡᠨ ᠲᠣᠨ ᠯᠢᠲ᠋ᠢ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ ᠤᠨ ᠲᠥᠷᠥᠯ ᠵᠦᠢᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠵᠠᠭᠤᠨ ᠳ᠋ᠦᠩᠰᠢᠭᠤᠷ ᠲᠠᠰ ᠤᠨ ᠪᠢᠯᠢᠭ ᠲᠦᠢᠯ ᠤᠨ ᠮᠠᠲ᠋ᠧᠷᠢᠶᠠᠯ ᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠎ᠠ᠃ ᠪᠢᠯᠢᠭ ᠲᠦᠢᠯ ᠤᠨ ᠮᠠᠲ᠋ᠧᠷᠢᠶᠠᠯ ᠤᠨ ᠪᠦᠬᠦ ᠠᠵᠢᠯ ᠤᠨ ᠳᠡᠰ ᠳᠠᠷᠠᠭᠠᠯᠠᠯ ᠠᠵᠢᠯ ᠲᠥᠷᠥᠯ ᠢ ᠪᠦᠷᠢᠨ ᠪᠥᠷᠬᠦᠭᠦᠯᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠤᠭᠰᠠᠨ ᠰᠠᠭᠤᠷᠢᠨ ᠳᠡᠭᠡᠷ᠎ᠡ᠂ ᠵᠢᠩᠬᠢᠨᠢ ᠮᠠᠲ᠋ᠧᠷᠢᠶᠠᠯ᠂ ᠪᠦᠷᠬᠦᠭᠦᠯ ᠵᠡᠷᠭᠡ ᠢᠵᠢ ᠪᠦᠷᠢᠳᠦᠭᠦᠯᠬᠦ ᠲᠥᠷᠥᠯ ᠵᠦᠢᠯ ᠢ ᠶᠡᠬᠡᠪᠡᠷ ᠣᠷᠣᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠠ ᠲᠣᠬᠢᠶᠠᠯ ᠢ ᠡᠵᠡᠮᠳᠡᠵᠦ᠂ ᠰᠢᠶᠠᠮᠧᠨ ᠤ ᠤᠯᠤᠰ ᠤᠨ ᠠᠷᠠᠯᠵᠢᠶ᠎ᠠ ᠬᠢᠭᠡᠳ ᠶᠧ ᠵᠤᠤ ᠲᠡᠮᠦᠷᠯᠢᠭ ᠬᠠᠶᠢᠯᠤᠭᠤᠯᠬᠤ ᠬᠥᠷᠥᠩᠭᠡ ᠶᠢ ᠳᠠᠬᠢᠨ ᠵᠣᠬᠢᠶᠠᠨ ᠪᠠᠶᠢᠭᠤᠯᠬᠤ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠎ᠠ᠃ ᠰᠢᠨ᠎ᠡ ᠲᠣᠨᠤᠭ ᠲᠥᠬᠦᠭᠡᠷᠦᠮᠵᠢ ᠦᠶ᠋ᠯᠡᠳᠬᠦ ᠲᠠᠯ᠎ᠠ ᠪᠠᠷ᠂ ᠶᠢᠨ ᠹᠧᠩ᠂ ᠲᠢᠶᠠᠨ ᠱᠦᠨ᠂ ᠲᠢᠶᠠᠨ ᠨᠧᠩ ᠵᠡᠷᠭᠡ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠶ᠋ᠯᠡᠳᠬᠦ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠪᠠᠨ ᠥᠷᠭᠡᠳᠬᠡᠬᠦ ᠶᠢ ᠳᠡᠮᠵᠢᠵᠦ᠂ ᠬᠡᠷᠡᠯ ᠴᠡᠨᠡᠭ᠂ ᠤᠰᠤᠲᠥ᠋ᠷᠥᠭᠴᠢ ᠦᠢᠯᠡᠳᠬᠦ ᠲᠣᠨᠤᠭ ᠲᠥᠬᠦᠭᠡᠷᠦᠮᠵᠢ ᠦᠶ᠋ᠯᠡᠳᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠬᠢᠭᠡᠳ ᠲᠣᠨᠤᠭ ᠲᠥᠬᠦᠭᠡᠷᠦᠮᠵᠢ ᠦᠶ᠋ᠯᠡᠳᠬᠦ ᠬᠤᠯᠪᠣᠭᠠᠯᠠᠨ ᠬᠥᠭᠵᠢᠬᠦ ᠶᠢ ᠠᠬᠢᠭᠤᠯᠤᠨ᠎ᠠ᠃ ︽ᠰᠠᠯᠬᠢᠨ ᠬᠦᠴᠦ ᠨᠠᠷᠠᠨ ᠡᠨᠧᠷᠬᠢ︾ ᠶᠢᠨ ᠳᠦᠬᠦᠭᠡᠷᠦᠮᠵᠢ ᠶᠢᠨ ᠴᠡᠷᠢᠭ ᠤᠨ ᠠᠯᠪᠠ ᠠᠴᠠ ᠪᠠᠭᠤᠠᠠᠰᠠᠨ ᠠᠵᠦ ᠦᠢᠯᠡᠰ ᠢ ᠰᠦᠪᠡᠭᠴᠢᠯᠡᠨ ᠬᠦᠭᠵᠢᠬᠦᠯᠵᠦ᠂ ᠳᠥᠬᠦᠬᠡᠢ ᠮᠠᠲ᠋ᠧᠷᠢᠶᠡᠯ ᠤᠨ ᠠᠰᠢᠠᠠᠯᠠᠯᠳᠡ ᠶᠢᠨ ᠨᠣᠷᠮ᠎ᠠ ᠶᠢ ᠪᠦᠳᠦᠮᠵᠢᠳᠡᠢ ᠪᠠᠷ ᠳᠡᠭᠡᠭᠰᠢᠯᠡᠬᠦᠯᠦᠨ᠎ᠡ᠃    ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠳᠡᠭᠡᠭᠰᠢᠯᠡᠭᠦᠯᠦᠨ᠎ᠡ᠃ ᠴᠠᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠬᠤ ᠬᠡᠷᠡᠭᠲᠡᠶ᠃ ᠪᠣᠬᠢᠷᠳᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠬᠦᠷᠢᠶᠡᠯᠡᠩ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠪᠠ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠵᠤ᠂ ︽ᠣᠶᠤᠨᠲᠤ ᠬᠦᠷᠢᠶᠡᠯᠡᠩ ᠲᠣᠭᠤᠷᠢᠭ︾ ᠤᠨ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠢᠶᠤᠤ ᠬᠠᠢ ᠽᠢ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠵᠢᠴᠢ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠲᠥᠷᠥᠯ ᠵᠦᠢᠯ ᠢ ᠬᠡᠷᠡᠭᠵᠢᠭᠦᠯᠵᠦ᠂ ᠤᠰᠤ ᠬᠠᠩᠭᠠᠬᠤ ᠤᠰᠤ ᠵᠠᠯᠠᠬᠤ ᠬᠤᠭᠤᠯᠠᠶ ᠶᠢᠨ ᠲᠣᠤᠷ ᠢ 24 ᠺᠢᠯᠣᠮᠧᠳ᠋ᠷ ᠪᠥᠲᠥᠭᠡᠨ ᠪᠠᠶᠢᠭᠤᠯᠤᠨ᠎ᠠ᠃ ᠭᠠᠵᠠᠷ ᠰᠢᠷᠣᠢ ᠶᠢᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ 850 ᠮᠦ ᠬᠤᠯᠪᠣᠭᠳᠠᠭᠤᠯᠵᠠᠢ᠃ ᠬᠦᠷᠢᠶᠡᠯᠡᠩ ᠲᠣᠭᠤᠷᠢᠭ ᠤᠨ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠬᠢᠷᠢ ᠲᠦᠪᠰᠢᠨ ᠪᠦᠬᠦᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃    ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠵᠤ ᠳᠠᠬᠢᠨ ᠬᠦᠴᠦᠯᠡᠬᠦ ᠬᠡᠷᠡᠭᠲᠡᠢ᠃ ︽ᠭᠠᠳᠠᠭᠰᠢ ᠭᠠᠷᠬᠤ︾᠂ ︽ᠤᠷᠢᠵᠤ ᠠᠪᠴᠢᠷᠠᠬᠤ︾ ᠶᠢ ᠵᠡᠷᠭᠡᠪᠡᠷ ᠬᠢᠬᠦ ᠶᠢ ᠪᠠᠷᠢᠮᠲᠠᠯᠠᠵᠤ᠂ ᠭᠤᠣᠯᠯᠠᠬᠤ ᠠᠵᠤ ᠦᠢᠯᠡᠰ ᠪᠣᠯᠤᠨ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠦᠨ ᠲᠤᠮᠤ ᠬᠤᠳᠠᠯᠳᠤᠭᠠᠴᠢᠨ ᠢ ᠡᠯᠰᠡᠵᠦ᠂ ᠰᠠᠶᠢᠨ ᠬᠤᠳᠠᠯᠳᠤᠭᠠᠴᠢᠨ ᠢ ᠡᠯᠰᠡᠪᠡ᠃ ᠠᠵᠤ ᠦᠢᠯᠡᠰ ᠤᠨ ᠬᠡᠯᠬᠢᠶ᠎ᠡ ᠶᠢᠨ ︽ᠬᠡᠯᠬᠢᠶ᠎ᠡ ᠶᠢᠨ ᠳᠠᠷᠤᠭ᠎ᠠ︾᠂ ᠲᠣᠯᠣᠭᠠᠶᠢᠯᠠᠭᠴᠢ ᠠᠵᠤ ᠠᠬᠤᠶᠢᠯᠠᠯ ᠤᠨ ︽ᠬᠡᠯᠬᠢᠶ᠎ᠡ ᠶᠢᠨ ᠡᠵᠡᠨ︾ ᠤ ᠦᠢᠯᠡᠳᠦᠯ ᠢ ᠪᠠᠳᠠᠷᠠᠭᠤᠯᠵᠤ᠂ ᠠᠵᠤ ᠦᠢᠯᠡᠰ ᠤᠨ ᠬᠥᠲᠥᠴᠢ ᠠᠵᠤ ᠠᠬᠤᠶᠢᠯᠠᠯ ᠪᠠ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠬᠦᠴᠦᠷᠬᠡᠭᠵᠢᠭᠦᠯᠬᠦ ᠲᠥᠷᠥᠯ ᠵᠦᠢᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠭᠡᠷ᠎ᠡ ᠲᠣᠭᠲᠠᠬᠤ᠂ ᠨᠠᠶᠢᠳᠠᠪᠤᠷᠢᠵᠢᠭᠤᠯᠬᠤ᠂ ᠪᠠᠯᠠ ᠣᠷᠣᠭᠤᠯᠤᠯᠲᠠ ᠶᠢᠨ ︽ᠭᠤᠷᠪᠠᠨ ᠨᠣᠷᠮ᠎ᠠ ᠶᠢ ᠵᠡᠷᠭᠡ ᠪᠠᠷ ᠳᠡᠭᠡᠭᠰᠢᠯᠡᠭᠦᠯᠬᠦ︾ ᠶᠢ ᠪᠡᠶᠡᠯᠡᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠴᠢᠳᠠᠪᠤᠷᠢᠲᠠᠨ ᠤ ᠨᠤᠲᠤᠭ ᠲᠠᠭᠠᠨ ᠪᠤᠴᠠᠵᠤ ᠪᠡᠯᠡ ᠣᠷᠣᠭᠤᠯᠬᠤ᠂ ᠭᠡᠷ ᠲᠡᠭᠡᠨ ᠬᠠᠷᠢᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠤᠨ ᠳᠡᠮᠵᠢᠵᠦ᠂ ᠴᠢᠳᠠᠪᠤᠷᠢᠲᠠᠨ ᠤ ᠬᠡᠯᠬᠢᠶ᠎ᠡ ᠬᠢᠭᠡᠳ ᠠᠵᠤ ᠦᠢᠯᠡᠰ ᠤᠨ ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠳᠠᠬᠢᠨ ᠰᠢᠯᠢᠳᠡᠭᠵᠢᠭᠦᠯᠪᠡ᠃ ︽ᠲᠠᠯᠪᠢᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠮᠥᠩᠬᠡ ᠰᠤᠪᠠᠭ · ᠳᠥᠷᠪᠡ ᠶᠢ ᠭᠦᠢᠴᠡᠳᠭᠡᠬᠦ︾ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠪᠣᠯᠭᠠᠨ ᠰᠢᠢᠳᠪᠦᠷᠢᠯᠡᠬᠦ︾ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠳᠥᠭᠦᠮᠴᠢᠯᠡᠬᠦ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠭᠦᠨᠵᠡᠭᠡᠶ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠷᠡᠭᠦᠯ ᠢᠶᠠᠷ ᠬᠥᠭᠵᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠬᠠᠪᠰᠤᠷᠤᠨ ᠰᠢᠢᠳᠪᠦᠷᠢᠯᠡᠵᠦ᠂ ︽ᠳᠣᠲᠣᠨᠣ︾ ᠪᠣᠯᠪᠠᠴᠤ ᠬᠡᠮᠵᠢᠶ᠎ᠡ ᠲᠠᠢ᠂ ︽ᠠᠷᠢᠭᠤᠨ ᠴᠢᠬᠡᠴᠢ︾ ᠮᠥᠷᠲᠡᠭᠡᠨ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃    ︵ᠲᠠᠪᠤ︶ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠳᠠᠪᠠᠭᠤᠯᠢᠭ ᠢ ᠵᠤᠵᠠᠭᠠᠳᠬᠠᠬᠤ    ᠴᠠᠭᠠᠨᠨᠠᠭᠤᠷ ᠤᠨ ᠰᠢᠰᠲ᠋ᠧᠮ ᠤᠨ ᠬᠠᠮᠠᠭᠠᠯᠠᠯᠲᠠ ᠶᠢ ᠯᠠᠪᠳᠠᠭᠤᠨ ᠪᠠᠲᠤ ᠲᠠᠢ ᠠᠬᠢᠭᠤᠯᠵᠤ᠃ ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠠᠪᠠ ᠭᠠᠵᠠᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ︽ᠭᠤᠷᠪᠠᠨ ᠤᠮᠠᠷᠠᠲᠤ ᠶᠢᠨ ᠢᠨᠵᠧᠨᠧᠷᠢᠩ︾ ᠪᠠ ︽ᠵᠠᠩ ᠴᠧᠩ ᠪᠠ ᠳᠠᠪᠠᠭᠠᠨ ᠳᠡᠭᠡᠷ᠎ᠡ︾ ᠵᠡᠷᠭᠡ ᠴᠢᠬᠤᠯᠠ ᠶᠡᠭᠡ ᠢᠨᠵᠧᠨᠧᠷᠢᠩ ᠳᠤ ᠣᠷᠣᠭᠤᠯᠬᠤ ᠪᠠᠷ ᠢᠳᠡᠪᠬᠢᠯᠡᠨ ᠴᠢᠷᠮᠠᠶᠢᠨ᠎ᠠ᠃ ᠦᠯᠡᠳᠡᠭᠳᠡᠯ ᠤᠰᠤ ᠨᠤᠭᠤ ᠭᠠᠵᠠᠷ ᠢ ᠴᠡᠪᠡᠷᠰᠢᠭᠦᠯᠬᠦ ᠬᠢᠭᠡᠳ ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠬᠡᠪᠰᠢᠭᠰᠡᠨ ᠰᠢᠨᠵᠢᠯᠡᠬᠦ ᠤᠬᠠᠭᠠᠨ ᠤ ᠰᠤᠳᠤᠯᠤᠯ ᠤᠨ ᠬᠢᠨᠠᠨ ᠰᠢᠨᠵᠢᠬᠦ ᠪᠠ ᠬᠠᠮᠢᠶᠠᠷᠴᠤ ᠬᠠᠮᠠᠭᠠᠯᠠᠬᠤ ᠠᠵᠢᠯ ᠢ ᠴᠢᠩᠭᠠᠷᠠᠭᠤᠯᠵᠤ᠂ ᠵᠢᠵᠢᠭ ᠪᠢᠴᠢᠯ ᠨᠤᠭᠤ ᠭᠠᠵᠠᠷ ᠢ ᠥᠭᠡᠷᠡᠴᠢᠯᠡᠬᠦ᠂ ᠬᠤᠵᠢᠷᠯᠢᠭ ᠭᠠᠵᠠᠷ ᠢ ᠰᠠᠶᠢᠵᠢᠷᠠᠭᠤᠯᠬᠤ ᠪᠠ ᠨᠢᠰᠬᠡᠯ ᠢᠶᠠᠷ ᠡᠪᠡᠰᠦ ᠲᠠᠷᠢᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠰᠠᠪᠠ ᠭᠠᠵᠠᠷ ᠤᠨ ᠠᠮᠢ ᠠᠬᠤᠢ ᠶᠢᠨ ᠦᠷᠭᠦᠯᠵᠢᠯᠡᠨ ᠰᠡᠷᠭᠦᠬᠦ ᠶᠢ ᠠᠬᠢᠭᠤᠯᠤᠨ᠎ᠠ᠃ ᠴᠢᠨᠠᠷ ᠰᠠᠶᠢᠲᠠᠶ ᠬᠥᠭᠵᠢᠯᠲᠡ ᠪᠠ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ᠂ ᠠᠶᠠᠨᠳᠠᠭᠠᠨ ᠰᠡᠷᠭᠦᠬᠦ ᠪᠠ ᠬᠥᠮᠦᠨ ᠤ ᠬᠦᠴᠦ ᠪᠠᠷ ᠵᠠᠰᠠᠨ ᠰᠡᠷᠭᠦᠭᠡᠬᠦ ᠶᠢᠨ ᠬᠠᠷᠢᠴᠠᠭ᠎ᠠ ᠶᠢ ᠰᠠᠶᠢᠲᠤᠷ ᠰᠢᠶ᠋ᠳᠪᠦᠷᠢᠯᠡᠵᠦ᠂ ᠰᠠᠪᠠ ᠭᠠᠵᠠᠷ ᠤᠨ ᠳᠣᠲᠣᠷᠠᠬᠢ ᠪᠤᠰᠤᠳ ᠬᠤᠰᠢᠭᠤ ᠰᠢᠶᠠᠨ ᠤ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠨ ᠵᠠᠰᠠᠬᠤ ᠶᠢ ᠴᠢᠩᠭᠠᠳᠬᠠᠨ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ᠃    ᠤᠰᠤ ᠠᠷᠪᠢᠯᠠᠬᠤ ᠡᠵᠡᠮᠰᠢᠯ ᠢ ᠭᠦᠨᠵᠡᠭᠡᠶ ᠥᠷᠨᠢᠭᠦᠯᠬᠦ ᠬᠡᠷᠡᠭᠲᠡᠶ᠃ ︽ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠪᠣᠯᠤᠨ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠤᠰᠤ ᠠᠷᠪᠢᠯᠠᠵᠤ ᠤᠰᠤᠯᠠᠬᠤ ᠮᠡᠷᠭᠡᠵᠢᠯ ᠢ ᠳᠡᠯᠭᠡᠷᠡᠭᠦᠯᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ︽ᠤᠰᠤᠯᠠᠯᠲᠠ ᠶᠢᠨ ᠭᠠᠵᠠᠷ ᠤᠨ ᠪᠦᠲᠦᠴᠡ ᠶᠢᠨ ᠴᠢᠨᠠᠷᠲᠠᠶ ᠪᠠᠭᠤᠷᠠᠬᠤ︾ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠲᠣᠬᠢᠷᠠᠭᠤᠯᠬᠤ ᠬᠡᠷᠡᠭᠲᠡᠶ᠃ ᠤᠯᠠᠭᠠᠨ ᠱᠤᠰᠢ ᠪᠤᠷᠴᠠᠭ᠂ ᠨᠣᠬᠠᠶ ᠶᠢᠨ ᠬᠤᠰᠢᠭᠤ ᠵᠡᠷᠭᠡ ᠬᠠᠭᠤᠷᠠᠶ ᠲᠠᠷᠢᠶᠠᠯᠠᠩ ᠢ ᠳᠡᠯᠭᠡᠷᠡᠭᠦᠯᠵᠦ᠂ ᠬᠢᠵᠠᠭᠠᠷ ᠲᠠᠢ ᠤᠰᠤᠨ ᠤ ᠡᠬᠢ ᠪᠠᠶᠠᠯᠢᠭ ᠤᠨ ᠠᠵᠤ ᠠᠬᠤᠶ ᠶᠢᠨ ᠦᠷ᠎ᠡ ᠠᠰᠢᠭ ᠪᠠ ᠠᠮᠢ ᠠᠬᠤᠶ ᠶᠢᠨ ᠦᠷ᠎ᠡ ᠠᠰᠢᠭ ᠢ ᠨᠡᠩ ᠶᠡᠭᠡ ᠪᠠᠳᠠᠷᠠᠭᠤᠯᠤᠨ᠎ᠠ᠃ ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠠᠵᠤ ᠠᠬᠤᠶᠢᠯᠠᠯ ᠤᠨ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠵᠤ᠂ ᠬᠠᠶᠠᠭᠳᠠᠮᠠᠯ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ᠂ ᠡᠷᠭᠢᠯᠳᠦᠭᠦᠯᠦᠨ ᠠᠰᠢᠭᠯᠠᠬᠤ ᠶᠢ ᠠᠬᠢᠭᠤᠯᠵᠤ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢᠨ ᠤᠰᠤ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠤᠰᠤ ᠶᠢ ᠭᠠᠮᠨᠠᠨ ᠠᠷᠪᠢᠯᠠᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠬᠡᠪᠰᠢᠭᠰᠡᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠬᠤᠳᠳᠤᠭ ᠤᠨ ᠳᠠᠷᠤᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠪᠠ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠵᠠᠰᠠᠬᠤ ᠶᠢ ᠶᠡᠬᠡᠪᠡᠷ ᠠᠬᠢᠭᠤᠯᠤᠨ᠎ᠠ᠃    ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃ ︽ᠠᠯᠲᠠ ᠮᠥᠩᠭᠦᠨ ᠠᠭᠤᠯᠠ︾ ᠶᠢᠨ ᠣᠨᠣᠯᠵᠢᠬᠤᠨ ᠢ ᠬᠢᠨᠠᠮᠠᠭᠠᠶ ᠦᠢᠯᠡᠳᠦᠯᠭᠡᠵᠢᠭᠦᠯᠵᠦ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠣᠬᠢᠷᠲᠤᠯ ᠥᠬᠡᠶ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ ᠠᠬᠢᠭᠤᠯᠤᠨ᠂ ᠤᠰᠤ ᠰᠢᠲᠠᠮᠠᠬᠠᠶ ᠰᠢᠷᠣᠶ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠦᠨᠡᠨᠬᠦ ᠪᠠᠲᠤᠯᠠᠨ᠎ᠠ᠃ ᠶᠧ ᠵᠣᠣ ᠵᠡᠷᠭᠡ ᠠᠵᠤ ᠠᠬᠤᠶᠢᠯᠠᠯ ᠤᠨ ᠪᠣᠬᠢᠷᠲᠤᠯ ᠥᠬᠡᠶ ᠴᠠᠬᠢᠯᠭᠠᠨ ᠬᠤᠯᠪᠣᠯᠳᠤᠬᠤ ᠶᠢ ᠠᠬᠢᠭᠤᠯᠵᠤ᠂ ᠪᠣᠬᠢᠷᠲᠤᠯ ᠥᠬᠡᠶ ᠡᠨᠧᠷᠭᠢ ᠪᠠᠷ ᠣᠷᠣᠯᠠᠭᠤᠯᠬᠤ ᠶᠢ ᠪᠡᠶᠡᠯᠡᠭᠦᠯᠬᠦ ᠶᠢ ᠵᠣᠷᠢᠭᠵᠢᠭᠤᠯᠤᠨ᠎ᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠡᠪᠦᠯ ᠤᠨ ᠤᠯᠠᠷᠢᠯ ᠤᠨ ᠴᠡᠪᠡᠷ ᠳᠤᠯᠠᠭᠠᠯ ᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ ︽ᠳᠤᠯᠠᠭᠠᠨ ᠢᠨᠵᠧᠨᠧᠷᠢᠩ︾ ᠤᠨ ᠦᠷ᠎ᠡ ᠪᠦᠲᠦᠮᠵᠢ ᠶᠢ ᠳᠡᠭᠡᠭᠱᠢᠯᠡᠭᠦᠯᠦᠶ᠎ᠡ᠃ ᠪᠣᠬᠢᠷ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠬᠤᠲᠠ ᠬᠥᠳᠡᠭᠡ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ᠃ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ ᠠᠵᠢᠯ ᠢ ᠥᠷᠨᠢᠭᠦᠯᠵᠦ᠂ ᠬᠢᠮᠢ ᠶᠢᠨ ᠪᠤᠷᠳᠤᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢᠨ ᠡᠭᠡᠭᠦᠯᠦᠨ ᠬᠤᠷᠢᠶᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠬᠠᠶᠠᠭᠳᠠᠮᠠᠯ ᠠᠭᠤᠷᠬᠠᠶ ᠶᠢ ᠵᠠᠰᠠᠬᠤ ᠪᠠ ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠬᠤ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃    ︵ᠵᠢᠷᠭᠤᠭ᠎ᠠ︶ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠳᠦᠷᠰᠦ ᠪᠠᠶᠢᠳᠠᠯ ᠢ ᠪᠤᠢ ᠪᠣᠯᠭᠠᠨ᠎ᠠ    ︽ᠪᠠᠶᠢᠭᠤᠯᠬᠤ︾ ᠳᠤᠲᠠᠭᠤᠳᠠᠯ ᠢ ᠨᠥᠬᠦᠪᠥᠷᠢᠯᠡᠨ᠎ᠡ᠃ ︽ᠬᠤᠶᠠᠷ ᠬᠥᠨᠳᠡᠯᠡᠨ ᠨᠢᠭᠡ ᠭᠤᠯᠳᠤ︾ ᠵᠠᠮ ᠤᠨ ᠪᠦᠲᠦᠭᠡᠨ ᠪᠠᠶᠢᠭᠤᠯᠤᠯᠲᠠ ᠵᠢᠴᠢ ᠢᠵᠢ ᠪᠦᠷᠢᠳᠦᠭᠦᠯᠬᠦ ᠪᠠᠷᠢᠯᠭ᠎ᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠬᠤᠲᠠ ᠶᠢᠨ ᠲᠣᠭᠤᠷᠢᠭ ᠤᠨ ᠵᠠᠮ ᠵᠢᠴᠢ ᠬᠤᠭᠤᠯᠠᠶ ᠶᠢᠨ ᠲᠣᠤᠷ ᠢ ᠰᠢᠨᠡᠳᠭᠡᠨ ᠥᠭᠡᠷᠡᠴᠢᠯᠡᠬᠦ ᠶᠢ ᠳᠥᠯᠭᠢᠨ ᠠᠬᠢᠭᠤᠯᠵᠤ᠂ 2 ᠲᠦᠮᠡᠨ ᠲᠡᠭᠰᠢ ᠳᠥᠷᠪᠡᠯᠵᠢᠨ ᠮᠧᠳ᠋ᠷ ᠵᠠᠰᠠᠮᠠᠯ ᠵᠠᠮ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ 15 ᠲᠦᠮᠡᠨ ᠲᠡᠭᠰᠢ ᠳᠥᠷᠪᠡᠯᠵᠢᠨ ᠮᠧᠳ᠋ᠷ ᠨᠣᠭᠤᠭᠠᠷᠠᠭᠤᠯᠤᠨ ᠥᠭᠡᠷᠡᠴᠢᠯᠡᠨ ᠰᠠᠶᠢᠵᠢᠷᠠᠭᠤᠯᠵᠤ᠂ ᠤᠰᠤ ᠬᠠᠩᠭᠠᠬᠤ ᠤᠰᠤ ᠵᠠᠯᠠᠬᠤ ᠪᠠ ᠢᠯᠴᠢ ᠬᠠᠩᠭᠠᠬᠤ ᠬᠤᠭᠤᠯᠠᠶ 15 ᠺᠢᠯᠣᠮᠧᠳ᠋ᠷ ᠳᠡᠪᠢᠰᠴᠦ᠂ ᠬᠤᠲᠠ ᠶᠢᠨ ᠶᠠᠪᠤᠳᠠᠯ ᠤᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ 15 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ᠂ 160 ᠢᠵᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ᠂ 40 ᠡᠷᠦᠬᠡ ᠠᠴᠠ ᠳᠡᠭᠡᠭᠰᠢᠬᠢ ᠬᠤᠲᠠ ᠶᠢᠨ ᠨᠤᠷᠠᠬᠤ ᠠᠶᠤᠯᠲᠠᠶ ᠬᠠᠭᠤᠴᠢᠨ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠦᠨᠳᠦᠰᠦᠨ ᠣᠷᠣᠨ ᠰᠠᠭᠤᠴᠠ ᠶᠢᠨ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ᠃ ᠭᠠᠯᠲᠤ ᠲᠡᠷᠭᠡᠨ ᠥᠷᠲᠡᠭᠡ ᠥᠷᠲᠡᠭᠡ ᠵᠢᠴᠢ ᠢᠵᠢ ᠪᠦᠷᠢᠳᠦᠭᠦᠯᠬᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠣᠯᠤᠨ ᠠᠵᠢᠯᠴᠢᠨ ᠤ ᠰᠣᠶᠣᠯ ᠤᠨ ᠣᠷᠳᠣᠨ ᠤ ᠥᠭᠡᠷᠡᠴᠢᠯᠡᠯᠲᠡ ᠶᠢ ᠪᠡᠶᠡᠯᠡᠭᠦᠯᠵᠦ᠂ ᠪᠡᠶ᠎ᠡ ᠶᠢᠨ ᠲᠠᠮᠢᠷ ᠤᠨ ᠴᠡᠴᠡᠷᠯᠢᠭ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠰᠦᠯᠵᠢᠶᠡᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠴᠠᠬᠢᠯᠭᠠᠨ ᠴᠡᠨᠡᠭᠯᠡᠬᠦ ᠪᠠᠭᠠᠨ᠎ᠠ ᠶᠢ 100 ᠠᠴᠠ ᠳᠡᠭᠡᠭᠰᠢ ᠪᠠᠶᠢᠭᠤᠯᠤᠨ᠎ᠠ᠃    ︽ᠬᠠᠮᠢᠶᠠᠷᠬᠤ︾ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠶᠤᠨᠲᠤ ᠬᠤᠲᠠ ᠶᠢᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠤᠶᠤᠨᠴᠢᠯᠠᠭᠰᠠᠨ᠂ ᠴᠢᠨᠠᠷᠵᠢᠭᠰᠠᠨ᠂ ᠨᠠᠷᠢᠯᠢᠭᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ ᠬᠤᠲᠠ ᠶᠢᠨ ᠲᠣᠭᠤᠷᠢᠭ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢᠨ ︽ᠨᠡᠮᠡᠭᠳᠡᠯ ᠥᠬᠡᠶ︾ ᠪᠠᠶᠢᠬᠤ ᠶᠢ ᠦᠨᠡᠨᠬᠦ ᠪᠠᠲᠤᠯᠠᠨ᠎ᠠ᠃ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠵᠠᠮ ᠡᠵᠡᠯᠡᠨ ᠡᠵᠡᠩᠨᠡᠬᠦ᠂ ᠳᠡᠯᠭᠡᠭᠦᠷ ᠤᠨ ᠭᠠᠳᠠᠨ᠎ᠠ ᠡᠵᠡᠩᠨᠡᠬᠦ᠂ ᠡᠮᠬᠢ ᠵᠢᠷᠤᠮ ᠦᠭᠡᠢ ᠡᠵᠡᠩᠨᠡᠬᠦ ᠵᠡᠷᠭᠡ ᠦᠢᠯᠡ ᠠᠵᠢᠯᠯᠠᠭ᠎ᠠ ᠶᠢ ᠶᠡᠬᠡᠪᠡᠷ ᠴᠡᠭᠴᠡᠯᠡᠨ ᠵᠠᠰᠠᠨ᠎ᠠ᠃ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠮᠤᠷ ᠲᠦᠪᠰᠢᠨ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃ ᠲᠡᠷᠭᠡᠨ ᠵᠣᠭᠰᠣᠭᠠᠯ ︵ᠣᠷᠣᠨ︶ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠬᠤᠳᠠᠯᠳᠤᠭᠠᠨ ᠤ ᠬᠡᠲᠦ ᠳᠡᠯᠭᠡᠭᠦᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠲᠡᠷᠭᠡ ᠵᠣᠭᠰᠣᠭᠠᠬᠤ ᠡᠮᠬᠢ ᠳᠢᠭᠯᠢᠮ ᠢ ᠵᠢᠷᠤᠮᠵᠢᠭᠤᠯᠵᠤ᠂ ︽ᠲᠡᠷᠭᠡ ᠵᠣᠭᠰᠣᠭᠠᠬᠤ ᠳᠤ ᠬᠦᠴᠢᠷ︾ ︽ᠶᠠᠪᠤᠵᠤ ᠰᠠᠭᠤᠬᠤ ᠳᠤ ᠬᠦᠴᠢᠷ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠬᠤᠲᠠ ᠶᠢᠨ ᠪᠣᠯᠪᠠᠰᠤᠨ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠣᠯᠪᠠᠰᠤᠨ ᠨᠢᠭᠡᠴᠡ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃    ︵ᠳᠤᠯᠤᠭ᠎ᠠ︶ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠷᠠᠳ ᠤᠨ ᠠᠮᠢᠳᠤᠷᠠᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ    ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠪᠠᠷᠢᠮᠲᠠᠯᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ᠂ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠵᠢᠯᠣᠭᠤᠳᠣᠯᠭ᠎ᠠ ᠪᠠ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠴᠢᠩᠭᠠᠳᠬᠠᠨ᠎ᠠ᠃ ᠣᠷᠣᠨ ᠪᠦᠰᠡ ᠶᠢᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠢ ᠬᠥᠭᠵᠢᠭᠦᠯᠦᠨ ᠪᠤᠵᠠᠭᠠᠶᠢᠷᠠᠭᠤᠯᠵᠤ᠂ ᠠᠵᠢᠯ ᠣᠯᠭᠤᠬᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠨ᠎ᠡ᠃ ᠬᠤᠲᠠ ᠪᠠᠯᠭᠠᠰᠤᠨ ᠳᠤ ᠠᠵᠢᠯ ᠣᠯᠤᠭᠰᠠᠨ ᠬᠥᠮᠦᠨ 700 ᠠᠴᠠ ᠳᠡᠭᠡᠭᠰᠢ ᠰᠢᠨ᠎ᠡ ᠪᠠᠷ ᠨᠡᠮᠡᠭᠳᠡᠵᠦ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠭᠰᠠᠨ ᠬᠥᠮᠦᠨ 4 ᠲᠦᠮᠡ ᠠᠴᠠ ᠳᠡᠭᠡᠭᠰᠢ ᠪᠣᠯᠤᠭᠰᠠᠨ ᠪᠠᠶᠢᠨ᠎ᠠ᠃ ᠠᠵᠢᠯ ᠣᠯᠭᠤᠯᠲᠠ ᠶᠢᠨ ᠣᠷᠴᠢᠨ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠴᠠᠯᠢᠩ ᠥᠷᠢᠲᠦᠬᠦ ᠦᠢᠯᠡ ᠠᠵᠢᠯᠯᠠᠭ᠎ᠠ ᠳᠤ ᠦᠷᠭᠦᠯᠵᠢᠯᠡᠨ ᠴᠣᠬᠢᠯᠲᠠ ᠥᠭᠴᠦ᠂ ᠣᠯᠠᠨ ᠲᠦᠮᠡᠨ ᠢ ︽ᠰᠠᠨᠠᠭ᠎ᠠ ᠵᠣᠪᠠᠭ᠋ᠤ︾ ᠦᠭᠡᠢ ᠪᠣᠯᠭᠠᠨ᠎ᠠ᠃    ᠠᠷᠠᠳ ᠤᠨ ᠦᠨᠳᠦᠰᠦᠨ ᠠᠮᠢᠳᠤᠷᠠᠯ ᠤᠨ ᠨᠠᠭᠠᠳᠤ ᠵᠠᠬ᠎ᠠ ᠶᠢᠨ ᠱᠤᠭᠤᠮ ᠢ ᠪᠠᠲᠤ ᠰᠠᠬᠢᠨ᠎ᠠ᠃ ᠡᠮ ᠡᠮᠨᠡᠯᠭᠡ ᠶᠢᠨ ᠪᠠᠲᠤᠯᠠᠭ᠎ᠠ ᠶᠢᠨ ︽ᠭᠤᠷᠪᠠᠨ ᠴᠢᠬᠤᠯᠠ ᠳᠦᠷᠢᠮ︾ ᠤᠨ ᠶᠡᠷᠦᠩᠬᠡᠶᠢᠯᠡᠭᠰᠡᠨ ᠱᠠᠲᠤᠯᠢᠭ ᠳᠠᠷᠤᠭᠠᠰᠤ ᠶᠢ ᠬᠥᠩᠭᠡᠷᠡᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠬᠥᠮᠥᠰ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ 100% ᠳᠤ ᠬᠦᠷᠭᠡᠨ᠎ᠡ᠃ ᠣᠯᠠᠨ ᠳᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠨᠠᠰᠤᠵᠢᠯ ᠤᠨ ᠳᠠᠭᠠᠳᠬᠠᠯ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 97% ᠠᠴᠠ ᠳᠡᠭᠡᠭᠰᠢ ᠳᠤ ᠬᠦᠷᠦᠭᠦᠯᠦᠨ᠎ᠡ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠠᠩᠬᠢ ᠶᠢᠨ ᠦᠢᠯᠡᠰ ᠤᠨ ᠠᠵᠤ ᠠᠬᠤᠶ ᠶᠢ ᠪᠤᠶᠢᠵᠢᠭᠤᠯᠤᠨ ᠬᠥᠭᠵᠢᠭᠦᠯᠵᠦ᠂ ᠨᠠᠰᠤᠲᠠᠶᠢᠴᠤᠳ ᠤᠨ ᠠᠵᠠ ᠵᠢᠷᠭᠠᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ᠲᠥᠷᠥᠯ ᠪᠠ ᠳᠡᠰ ᠳᠠᠪᠬᠤᠷᠭ᠎ᠠ ᠬᠤᠪᠢᠶᠠᠨ ᠨᠡᠶᠢᠭᠡᠮ ᠤᠨ ᠠᠪᠤᠷᠠᠨ ᠲᠤᠰᠠᠯᠠᠯᠲᠠ ᠶᠢ ᠰᠠᠶᠢᠲᠤᠷ ᠬᠢᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠡᠶᠢᠭᠡᠮ ᠤᠨ ᠠᠰᠠᠷᠠᠮᠵᠢ ᠪᠣᠯᠤᠨ ᠨᠢᠭᠦᠯᠡᠰᠦᠩᠭᠦᠶ ᠦᠢᠯᠡᠰ ᠢ ᠲᠣᠭᠲᠠᠭᠤᠨ ᠢᠶᠠᠷ ᠬᠥᠭᠵᠢᠭᠦᠯᠵᠦ᠂ ᠡᠮᠡᠭᠲᠡᠶᠢᠴᠦᠳ᠂ ᠬᠡᠦᠬᠡᠳ᠂ ᠵᠡᠮᠳᠡᠭᠴᠦᠳ ᠵᠡᠷᠭᠡ ᠬᠠᠮᠲᠤᠯᠢᠭ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃    ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠡ᠃ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠰᠠᠶᠢᠲᠤᠷ ᠠᠳᠬᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠵᠤ᠂ ᠠᠷᠪᠠᠳᠤᠭᠠᠷ ᠬᠡᠤᠬᠡᠳ ᠤᠨ ᠴᠡᠴᠡᠷᠯᠢᠭ ᠢ ᠲᠦᠷᠭᠡᠳᠬᠡᠨ ᠪᠠᠶᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯᠲᠤ ᠰᠢᠶᠠᠨ ᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠤᠨ᠎ᠠ᠃ ᠪᠦᠯᠦᠭᠯᠡᠯᠵᠢᠭᠦᠯᠦᠨ ᠰᠤᠷᠭᠠᠭᠤᠯᠢ ᠡᠷᠬᠢᠯᠡᠬᠦ ᠵᠠᠭᠪᠤᠷ ᠢ ᠭᠦᠨᠵᠡᠭᠡᠶ ᠳᠡᠯᠭᠡᠷᠡᠭᠦᠯᠵᠦ᠂ ᠶᠢᠰᠦᠨ ᠵᠢᠯ ᠤᠨ ᠳᠦᠷᠢᠮᠲᠦ ᠰᠤᠷᠭᠠᠭᠤᠯᠢ ᠶᠢ ᠲᠦᠷᠭᠡᠪᠴᠢᠯᠡᠨ ᠪᠦᠲᠦᠭᠡᠨ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ ᠣᠨᠴᠠᠯᠢᠭᠲᠤ ᠬᠢᠴᠢᠶᠡᠯ ᠤᠨ ᠪᠠᠶᠢᠭᠤᠯᠤᠯᠲᠠ ᠶᠢ ᠴᠢᠩᠭᠠᠳᠬᠠᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠣᠯᠠᠨ ᠶᠠᠩᠵᠤᠴᠢᠯᠠᠭᠰᠠᠨ ᠬᠥᠭᠵᠢᠯᠲᠡ ᠶᠢ ᠪᠡᠶᠡᠯᠡᠭᠦᠯᠦᠨ᠎ᠡ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠬᠥᠮᠦᠵᠢᠯ ᠪᠣᠯᠪᠠᠰᠤᠷᠠᠯ ᠢ ᠤᠶᠠᠯᠳᠤᠭᠤᠯᠬᠤ ᠶᠢ ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ ᠡᠩ ᠤᠨ ᠠᠭᠤᠰᠤᠯᠴᠠᠯ᠂ ᠦᠢᠯᠡᠳᠪᠦᠷᠢᠯᠡᠯ ᠰᠤᠷᠭᠠᠨ ᠬᠥᠮᠦᠵᠢᠯ ᠤᠨ ᠠᠭᠤᠰᠤᠯᠴᠠᠯ ᠢ ᠠᠬᠢᠭᠤᠯᠤᠨ᠎ᠠ᠃ ︽ᠬᠤᠶᠠᠷ ᠢ ᠪᠠᠭᠠᠰᠬᠠᠬᠤ︾ ᠦᠷ᠎ᠡ ᠪᠦᠲᠦᠭᠡᠯ ᠢ ᠯᠠᠪᠳᠠᠭᠤᠨ ᠪᠠᠲᠤᠲᠠᠶ ᠪᠠᠬᠢᠵᠢᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠭᠡᠷ ᠪᠦᠯᠢ ᠶᠢᠨ ᠰᠤᠷᠭᠠᠨ ᠬᠥᠮᠦᠵᠢᠯ ᠢ ᠬᠥᠲᠥᠯᠥᠨ ᠵᠢᠯᠣᠭᠤᠳᠴᠤ ᠬᠥᠭᠵᠢᠭᠦᠯᠦᠨ᠂ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠠᠶᠢᠭᠤᠯᠤᠨ᠎ᠠ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃    ᠡᠷᠡᠭᠦᠯ ᠡᠩᠬᠡ ᠱᠠᠩᠳᠤ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠡᠮᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠬᠦᠨᠳᠦ ᠡᠪᠡᠳᠴᠢᠨ ᠤ ᠠᠨᠠᠭᠠᠬᠤ ᠤᠬᠠᠭᠠᠨ ᠤ ᠰᠠᠯᠠᠭᠠᠨ ᠤ ᠪᠠᠶᠢᠭᠤᠯᠤᠯᠲᠠ ᠶᠢ ᠠᠬᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠭᠡᠨᠡᠳᠲᠡ ᠶᠢᠨ ᠬᠡᠷᠡᠭ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠶᠠᠨ ᠤ ᠡᠮᠨᠡᠯᠭᠡ ᠶᠢᠨ ᠬᠤᠷᠢᠶᠠᠨ ᠤ ᠠᠯᠤᠰ ᠡᠮᠴᠢᠯᠡᠭᠡ ᠶᠢᠨ ᠦᠢᠯᠡᠴᠢᠯᠡᠭᠡ ᠶᠢ ᠴᠢᠩᠭᠠᠳᠬᠠᠵᠤ᠂ ᠭᠠᠳᠠᠷ ᠣᠷᠣᠨ ᠤ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠠᠯᠤᠰ ᠡᠮᠴᠢᠯᠡᠭᠡ ᠶᠢᠨ ᠳᠡᠮᠵᠢᠯᠭᠡ ᠶᠢ ᠣᠯᠬᠤ ᠪᠠᠷ ᠴᠢᠷᠮᠠᠶᠢᠨ᠎ᠠ᠃ ᠡᠮᠴᠢᠯᠡᠭᠡᠨ ᠤ ᠬᠦᠷᠢᠶᠡᠨ ᠳᠠᠬᠢ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠠᠵᠠ ᠲᠣᠬᠢᠶᠠᠯ ᠢ ᠡᠵᠡᠮᠳᠡᠵᠦ᠂ ᠡᠮᠨᠡᠯᠭᠡ ᠶᠢᠨ ᠭᠤᠤᠯᠯᠠᠭᠴᠢ ᠬᠦᠴᠦᠨ ᠢ ᠰᠣᠩᠭᠤᠨ ᠲᠣᠮᠢᠯᠠᠵᠤ ᠬᠠᠪᠰᠤᠷᠤᠨ ᠲᠡᠳᠬᠦᠬᠦ ᠡᠮᠨᠡᠯᠭᠡ ᠶᠢᠨ ᠬᠤᠷᠢᠶ᠎ᠠ ᠳᠤ ᠣᠴᠢᠭᠤᠯᠵᠤ ᠴᠢᠳᠠᠪᠤᠷᠢ ᠮᠡᠷᠭᠡᠵᠢᠯ ᠢ ᠳᠠᠬᠢᠨ ᠳᠡᠭᠡᠭᠰᠢᠯᠡᠭᠦᠯᠬᠦ ᠬᠡᠷᠡᠭᠲᠡᠢ᠃ ᠣᠶᠤᠨᠴᠢ ᠡᠮᠴᠢᠯᠡᠭᠡᠨ ᠤ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠪᠣᠯᠪᠠᠰᠤᠨ᠂ ᠪᠣᠬᠢᠷᠲᠤᠯ ᠥᠬᠡᠶ᠂ ᠣᠷᠴᠢᠨ ᠠᠬᠤᠶ ᠶᠢ ᠬᠠᠮᠠᠭᠠᠯᠠᠬᠤ ᠠᠮᠢᠳᠤᠷᠠᠯ ᠤᠨ ᠣᠨᠣᠯᠵᠢᠬᠤᠨ ᠢ ᠰᠠᠨᠠᠭᠠᠴᠢᠯᠠᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠬᠦ ᠶᠢ ᠠᠬᠢᠭᠤᠯᠤᠨ᠎ᠠ᠃    ︵ᠨᠠᠢᠮᠠ︶ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠮᠤᠷ ᠲᠦᠪᠰᠢᠨ ᠲᠣᠭᠲᠠᠭᠤᠨ ᠤ ᠰᠢᠨ᠎ᠡ ᠬᠠᠯᠬᠠᠪᠴᠢ ᠶᠢ ᠪᠠᠲᠤ ᠴᠣᠭᠴᠠᠯᠠᠶ᠎ᠠ    ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠢᠵᠠᠭᠠᠷ ᠲᠤᠭ᠎ᠠ ᠶᠢᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠣᠷᠣᠨ ᠪᠦᠰᠡ ᠶᠢᠨ ᠴᠢᠨᠠᠷᠲᠠᠶ ᠰᠢᠰᠲ᠋ᠧᠮ ᠤᠨ ᠴᠢᠨᠠᠷᠲᠠᠶ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠭᠤᠣᠯ ᠵᠢᠭᠰᠠᠭᠠᠯ ᠤᠨ ᠭᠠᠵᠠᠷ ᠢ ᠰᠠᠶᠢᠲᠤᠷ ᠰᠠᠬᠢᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠤ ᠴᠤᠤᠷᠬᠠᠯ ᠳᠤ ᠴᠣᠬᠢᠯᠲᠠ ᠥᠭᠴᠦ᠂ ᠠᠮᠤᠷ ᠲᠦᠪᠰᠢᠨ ᠲᠣᠭᠲᠠᠭᠤᠨ ᠰᠦᠯᠵᠢᠶᠡᠨ ᠤ ᠣᠷᠣᠨ ᠵᠠᠢ ᠶᠢ ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠤ ᠡᠷᠬᠢᠮ ᠳᠡᠭᠡᠳᠦ ᠢᠷᠠᠭᠤ ᠠᠯᠳᠠᠷ ᠢ ᠡᠷᠡᠰ ᠬᠠᠮᠠᠭᠠᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠤᠨ᠎ᠠ᠃    ᠣᠯᠠᠨ ᠨᠡᠶᠢᠲᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠬᠠᠮᠠᠭᠠᠯᠠᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠪᠣᠯᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠤᠨ᠎ᠠ᠃    ᠵᠠᠰᠠᠯᠲᠠ ᠶᠢᠨ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠦᠨ᠎ᠡ᠃ ᠨᠡᠶᠢᠭᠡᠮ ᠤᠨ ᠲᠣᠭᠲᠠᠭᠤᠨ ᠪᠠᠶᠢᠳᠠᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠳᠥᠷᠪᠡᠨ ᠭᠠᠵᠠᠷ ᠨᠢᠭᠡ ᠲᠢᠩᠬᠢᠮ ᠨᠢᠭᠡ ᠲᠥᠪ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠣᠣᠷᠵᠢᠯ ᠤᠨ ᠬᠠᠮᠢᠶᠠᠷᠤᠭᠴᠢ ᠶᠢᠨ ᠡᠩᠨᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠣᠣᠷᠵᠢᠯ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠳᠡᠯᠭᠡᠷᠡᠭᠦᠯᠵᠦ᠂ ᠣᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠰᠢᠢᠳᠪᠦᠷᠢᠯᠡᠨ᠎ᠡ᠃    ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ    ᠤᠯᠤᠰ ᠲᠥᠷᠥ ᠶᠢᠨ ᠴᠢᠭᠯᠡᠯ ᠢᠶᠠᠨ ᠪᠠᠲᠤᠳᠬᠠᠬᠤ ᠬᠡᠷᠡᠭᠲᠡᠶ᠃ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠵᠢᠷᠤᠮᠯᠠᠵᠤ᠂ ᠨᠠᠮ ᠤᠨ ᠤᠨᠤᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠤᠯᠤᠰ ᠲᠦᠷᠦ ᠶᠢᠨ ︽ᠭᠤᠷᠪᠠᠨ ᠬᠦᠴᠦᠨ︾ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠢᠶᠠᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠤᠯᠤᠰ ᠤᠨ ᠶᠡᠭᠡ ᠶᠠᠪᠤᠳᠠᠯ︾ ᠢ ᠦᠢᠯᠡᠳᠦᠯᠭᠡᠵᠢᠭᠦᠯᠵᠦ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠪᠠᠷ ᠬᠠᠷᠢᠴᠠᠯᠠᠰᠢᠭᠦᠢ ᠦᠨᠡᠨᠴᠢ ᠰᠢᠳᠤᠷᠭᠤ ᠶᠢ ᠲᠠᠶᠢᠯᠪᠤᠷᠢᠯᠠᠬᠤ ᠬᠡᠷᠡᠭᠲᠡᠢ᠃    ᠬᠠᠤᠯᠢ ᠶᠣᠰᠣᠭᠠᠷ ᠲᠤᠰᠢᠶᠠᠯ ᠢᠶᠠᠨ ᠡᠷᠡᠰ ᠭᠦᠢᠴᠡᠳᠭᠡᠨ᠎ᠡ᠃ ᠦᠨᠡᠨᠴᠢ ᠢᠲᠡᠭᠡᠮᠵᠢᠲᠡᠶ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠠᠵᠢᠯ ᠢᠶᠠᠨ ᠠᠬᠢᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠦᠨᠡᠨᠴᠢ ᠰᠢᠳᠤᠷᠭᠤ ᠪᠠᠷ ᠪᠡᠶ᠎ᠡ ᠪᠠᠨ ᠪᠠᠷᠢᠬᠤ ᠂ ᠢᠲᠡᠭᠡᠯᠲᠡᠶ ᠪᠥᠭᠡᠳ ᠢᠲᠡᠭᠡᠯᠲᠡᠶ ᠪᠠᠶᠢᠬᠤ ᠨᠡᠶᠢᠭᠡᠮ ᠤᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠨ᠎ᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠲᠣᠭᠲᠠᠭᠠᠯ ᠢ ᠬᠢᠨᠠᠮᠠᠭᠠᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠥᠨᠳᠥᠷ ᠪᠦᠲᠦᠮᠵᠢᠲᠡᠶ ᠪᠠᠷ ᠭᠦᠢᠴᠡᠳᠬᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠲᠠᠯᠪᠢᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠠ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠪᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ᠂ ᠨᠡᠶᠢᠭᠡᠮ ᠤᠨ ᠬᠢᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠪᠣᠯᠤᠨ ᠬᠢᠨᠠᠯᠲᠠ ᠲᠠᠯᠪᠢᠬᠤ ᠡᠷᠬᠡ ᠶᠢ ᠪᠠᠲᠤᠯᠠᠬᠤ ᠬᠡᠷᠡᠭᠲᠡᠶ᠃    ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠬᠤ ᠬᠡᠷᠡᠭᠲᠡᠢ᠃ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠦᠨᠡᠨ ᠰᠡᠳᠬᠢᠯ ᠠᠴᠠ ᠪᠠᠨ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠬᠦᠴᠢᠷ ᠶᠠᠪᠤᠳᠠᠯ ᠢ ᠪᠦᠲᠦᠭᠡᠵᠦ᠂ ᠨᠢᠳᠤᠨ ᠳᠤ ᠦᠵᠡᠭᠳᠡᠵᠦ ᠪᠠᠶᠢᠭ᠎ᠠ ᠦᠷ᠎ᠡ ᠪᠦᠲᠦᠮᠵᠢ ᠪᠠᠷ ᠤᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠬᠦ ᠬᠡᠷᠡᠭᠲᠡᠢ᠃ ᠭᠤᠣᠯᠳᠠᠯᠭ᠎ᠠ ᠲᠠᠢ ᠠᠵᠢᠯ ᠤᠨ ︽ᠨᠠᠷᠢᠨ ᠳᠠᠩᠰᠠᠵᠢᠭᠤᠯᠬᠤ᠂ ᠡᠬᠡ ᠲᠠᠩᠰᠠᠵᠢᠭᠤᠯᠬᠤ᠂ ᠬᠠᠷᠢᠭᠤᠴᠠᠯᠭᠠᠵᠢᠭᠤᠯᠬᠤ︾ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠬᠠᠮᠵᠢᠯᠴᠠᠨ ᠬᠠᠮᠲᠤᠷᠠᠯᠴᠠᠬᠤ᠂ ᠲᠣᠭᠲᠠᠭᠰᠠᠨ ᠬᠤᠭᠤᠴᠠᠭᠠᠨ ᠳᠤ ᠲᠣᠬᠢᠷᠠᠭᠤᠯᠬᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ᠂ ᠰᠢᠮᠳᠠᠭᠤᠯᠤᠨ ᠪᠠᠶᠢᠴᠠᠭᠠᠵᠤ ᠠᠬᠢᠭᠤᠯᠬᠤ ᠪᠢᠲᠡᠭᠦᠦ ᠴᠠᠭᠠᠷᠢᠭ ᠤᠨ ᠰᠢᠰᠲ᠋ᠧᠮ ᠢ ᠪᠠᠶᠢᠭᠤᠯᠵᠤ᠂ ᠭᠠᠷᠭᠠᠭᠰᠠᠨ ᠰᠢᠢᠳᠪᠦᠷᠢᠲᠦ ᠪᠣᠳᠣᠯᠭ᠎ᠠ᠂ ᠲᠣᠭᠲᠠᠭᠠᠭᠰᠠᠨ ᠶᠠᠪᠤᠳᠠᠯ ᠢ ᠰᠥᠨᠢ ᠪᠠᠷ ᠭᠦᠢᠴᠡᠳᠬᠡᠬᠦ ᠦᠭᠡᠢ᠂ ᠳᠠᠷᠦ᠋ᠢᠬᠠᠨ ᠭᠦᠢᠴᠡᠳᠬᠡᠵᠦ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠨᠢᠭᠡ ᠶᠢ ᠪᠦᠲᠦᠭᠡᠬᠦ ᠬᠡᠷᠡᠭᠲᠡᠢ᠃ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠠᠰᠠᠭᠤᠳᠠᠯ ᠢ ᠡᠷᠢᠵᠦ᠂ ᠨᠠᠷᠢᠨ ᠵᠦᠢᠯᠡᠰ ᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠷᠠᠳ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠳ᠋ᠷ︾ ᠢ ᠨᠡᠪᠲᠡᠷᠡᠭᠦᠯᠦᠨ᠎ᠡ᠃    ᠠᠷᠢᠭᠤᠨ ᠴᠢᠭᠴᠢ ᠪᠠᠶᠢᠬᠤ ᠬᠢᠵᠠᠭᠠᠷ ᠱᠤᠭᠤᠮ ᠢ ᠪᠠᠲᠤ ᠰᠠᠬᠢᠵᠤ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠭᠦᠢᠴᠡᠳᠬᠡᠨ᠎ᠡ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠲᠤᠤᠱᠯᠠᠭᠤᠯᠤᠨ ᠬᠡᠷᠡᠭᠵᠢᠭᠦᠯᠵᠦ ︽ᠳᠥᠷᠪᠡᠨ ᠰᠤᠷᠲᠠᠯ︾ ᠢ ᠲᠠᠰᠤᠷᠠᠯᠲᠠ ᠦᠭᠡᠢ ᠵᠠᠯᠠᠷᠠᠭᠤᠯᠤᠨ ᠱᠢᠨ᠎ᠡ ᠰᠤᠷᠲᠠᠯ ᠢ ᠪᠣᠢ ᠪᠣᠯᠭᠠᠶ᠎ᠠ᠃ ᠠᠷᠪᠢᠴᠢ ᠭᠠᠮᠲᠠᠶ ᠠᠮᠢᠳᠤᠷᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠᠨ ᠠᠯᠪᠠᠨ ᠵᠠᠷᠤᠳᠠᠯ︾ ᠪᠠ ᠡᠩ ᠤᠨ ᠴᠢᠨᠠᠷᠲᠠᠶ ᠵᠠᠷᠤᠯᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ᠬᠦᠴᠦᠨ ᠢᠶᠠᠨ ᠲᠥᠪᠯᠡᠷᠡᠭᠦᠯᠦᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠵᠤ᠂ ᠵᠣᠭᠤᠰ ᠨᠢᠭᠡᠪᠦᠷᠢ ᠶᠢ ᠦᠨᠡᠨ ᠬᠦ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠬᠦ ᠬᠡᠷᠡᠭᠲᠡᠶ᠃ ᠭᠤᠣᠯᠳᠠᠯᠭ᠎ᠠ ᠲᠠᠢ ᠬᠦᠷᠢᠶ᠎ᠡ᠂ ᠴᠢᠬᠤᠯᠠ ᠭᠤᠭᠴᠤᠭ᠎ᠠ ᠪᠠ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠤᠯᠢ ᠶᠣᠰᠣᠭᠠᠷ ᠡᠷᠬᠡ ᠪᠠᠨ ᠬᠡᠷᠡᠭᠯᠡᠬᠦ᠂ ᠭᠤᠣᠯᠴᠢ ᠪᠠᠷ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠠᠵᠢᠯ ᠬᠢᠵᠦ ᠦᠢᠯᠡᠰ ᠪᠤᠰᠬᠠᠬᠤ ᠣᠷᠴᠢᠨ ᠨᠥᠬᠦᠴᠡᠯ ᠢ ᠪᠤᠢ ᠪᠣᠯᠭᠠᠵᠤ᠂ ᠲᠥᠪ ᠭᠤᠣᠯᠴᠢ ᠠᠷᠢᠭᠤᠨ ᠴᠢᠬᠡᠴᠢ ᠵᠠᠰᠠᠭ ᠤᠨ ᠣᠷᠳᠣᠨ ᠤ ᠲᠦᠷᠢ ᠲᠥᠷᠬᠦ ᠶᠢ ᠪᠤᠢ ᠪᠣᠯᠭᠠᠨ᠎ᠠ᠃    ᠲᠥᠯᠥᠭᠡᠯᠡᠭᠴᠢᠳ ᠡ︕    ᠲᠦᠮᠡᠨ ᠭᠠᠵᠠᠷ ᠤᠨ ᠠᠶᠠᠨ ᠵᠠᠮ ᠥᠷᠭᠡᠨ ᠪᠠᠶᠢᠵᠤ᠂ ᠡᠷᠡᠯᠬᠡᠭᠯᠡᠨ ᠤᠷᠤᠭᠰᠢᠯᠠᠬᠤ ᠨᠢ ᠶᠠᠭ ᠴᠠᠭ ᠲᠠᠭᠠᠨ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠡᠯᠬᠡᠭᠯᠡᠨ ᠤᠷᠤᠭᠰᠢᠯᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠲᠠᠯ᠎ᠠ ᠪᠠᠷ ᠨᠡᠩ ᠶᠡᠭᠡ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠦᠷᠯᠢᠭ ᠰᠠᠶᠢᠬᠠᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠡᠩ ᠤᠯᠠᠨ ᠱᠠᠩᠳᠤ ᠶᠢᠨ ᠬᠦᠴᠦᠨ ᠴᠢᠳᠠᠯ ᠢᠶᠠᠨ ᠡᠷᠭᠦᠨ᠎ᠡ︕
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2