2024ᠣᠨ ᠤ ᠨᠢᠭᠡᠳᠦᠭᠡᠷ ᠬᠤᠭᠤᠴᠠᠭ᠎ᠠ᠄    ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠠᠯᠲᠠ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/4/10
  ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠳᠤ᠄    ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠡᠭᠦᠷᠭᠡ ᠶᠢᠨ ᠬᠤᠪᠢᠶᠠᠷᠢᠯᠠᠯ    ︵ᠨᠢᠭᠡ︶ ᠬᠠᠷᠠᠯᠲᠠ ᠶᠢᠨ ᠡᠭᠦᠷᠭᠡ    2024 ᠣᠨ ᠳᠤ᠂ ᠪᠥᠬᠦ ᠰᠢᠶᠠᠨ ᠤ ᠡᠯ᠎ᠡ ᠡᠭᠦᠷᠭᠡ ᠶᠢᠨ ᠨᠢᠭᠡᠴᠡ ︵ᠰᠠᠯᠠᠭ᠎ᠠ ᠮᠥᠴᠢᠷ︶ ᠪᠥᠬᠦ ᠵᠢᠯ ᠳᠤ ᠡᠯ᠎ᠡ ᠵᠦᠢᠯ ᠤᠨ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠪᠠ ᠠᠷᠭ᠎ᠠ ᠵᠠᠮ ᠢᠶᠠᠷ ᠳᠠᠮᠵᠢᠭᠤᠯᠤᠨ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠲᠤᠭ᠎ᠠ ᠶᠢ 75 ᠠᠴᠠ ᠳᠡᠭᠡᠭᠰᠢ ︵ᠲᠣᠰ ᠵᠦᠢᠯᠡᠰ ᠢ ᠵᠢᠯᠣᠭᠤᠳᠬᠤ ᠴᠢᠨᠠᠷᠲᠠᠶ ᠬᠠᠷᠠᠯᠲᠠ︶ ᠪᠠᠷ ᠬᠦᠴᠦᠯᠡᠨ ᠴᠢᠷᠮᠠᠶᠢᠵᠤ᠂ ᠡᠭᠦᠨ ᠳᠤ ᠣᠷᠣᠨ ᠤ ᠭᠠᠳᠠᠨᠠᠬᠢ ᠲᠥᠷᠥᠯ ᠵᠦᠢᠯ ᠢ 45 ᠵᠦᠢᠯ ᠠᠴᠠ ᠳᠡᠭᠡᠭᠰᠢ ᠲᠣᠭᠲᠠᠭᠠᠬᠤ ᠬᠡᠷᠡᠭᠲᠡᠶ︔ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢᠨ ᠲᠥᠷᠥᠯ ᠵᠦᠢᠯ ᠢ ᠪᠣᠳᠠᠲᠠᠶᠢᠵᠢᠭᠤᠯᠬᠤ ᠪᠠᠯᠠ ᠮᠥᠩᠭᠦ ᠶᠢᠨ ᠬᠠᠷᠠᠯᠲᠠᠲᠤ ᠡᠭᠦᠷᠭᠡ ᠶᠢ 31 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠵᠤ᠂ ᠨᠡᠮᠡᠭᠳᠡᠯ ᠤᠨ ᠬᠤᠷᠳᠤᠴᠠ ᠶᠢ 15% ᠠᠴᠠ ᠳᠡᠭᠡᠭᠰᠢ ᠪᠠᠶᠢᠯᠭᠠᠨ᠎ᠠ︔ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠠᠵᠢᠯ ᠡᠬᠢᠯᠡᠭᠦᠯᠬᠦ ᠨᠣᠷᠮ᠎ᠠ ᠶᠢ 50% ᠠᠴᠠ ᠳᠡᠭᠡᠭᠰᠢ ᠪᠠᠶᠢᠯᠭᠠᠵᠤ᠂ ᠪᠠᠯᠠ ᠮᠥᠩᠭᠦ ᠶᠢ ᠪᠣᠳᠠᠲᠠᠶᠢᠵᠢᠭᠤᠯᠬᠤ ᠨᠣᠷᠮ᠎ᠠ ᠶᠢ 35% ᠠᠴᠠ ᠳᠡᠭᠡᠭᠰᠢ ᠪᠠᠶᠢᠯᠭᠠᠨ᠎ᠠ︔ ᠭᠠᠳᠠᠭᠠᠳᠤ ᠪᠡᠯᠡ ᠶᠢ ᠬᠡᠷᠡᠭᠯᠡᠬᠦ ᠪᠣᠳᠠᠲᠠᠶ ᠬᠠᠷᠠᠯᠲᠠ ᠶᠢᠨ ᠲᠤᠭ᠎ᠠ ᠶᠢ 3367 ᠲᠦᠮᠡᠨ ᠲᠥᠭᠦᠷᠢᠭ ᠠᠴᠠ ᠳᠡᠭᠡᠭᠰᠢ ᠪᠠᠶᠢᠯᠭᠠᠨ᠎ᠠ᠃ ᠡᠯᠰᠡᠭᠳᠡᠭᠰᠡᠨ ᠲᠥᠷᠥᠯ ᠵᠦᠢᠯ ᠨᠢ ᠡᠷᠬᠡᠪᠰᠢ 500 ᠲᠦᠮᠡᠨ ᠲᠥᠭᠦᠷᠢᠭ ᠠᠴᠠ ᠳᠡᠭᠡᠭᠰᠢ ᠪᠠᠶᠢᠬᠤ ᠬᠡᠷᠡᠭᠲᠡᠶ ᠮᠥᠷᠲᠡᠭᠡᠨ ᠬᠤᠳᠠᠯᠳᠤᠭᠠᠴᠢᠨ ᠤᠷᠢᠬᠤ ᠳᠤᠭᠤᠶᠢᠯᠠᠩ ᠨᠢᠭᠡᠪᠦᠷᠢ 3000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ ᠪᠡᠶᠡᠯᠡᠭᠦᠯᠪᠡᠯ ᠡᠷᠬᠡᠪᠰᠢ ᠡᠭᠦᠷᠭᠡ ᠶᠢᠨ ᠲᠥᠷᠥᠯ ᠵᠦᠢᠯ ᠤᠨ ᠲᠤᠭ᠎ᠠ ᠶᠢᠨ ᠭᠤᠷᠪᠠᠨ ᠤ ᠬᠤᠶᠠᠷ ᠬᠤᠪᠢ ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ᠃    ︵ᠬᠤᠶᠠᠷ︶ ᠡᠭᠦᠷᠭᠡ ᠶᠢᠨ ᠵᠠᠳᠠᠯᠤᠯᠲᠠ    ᠤᠯᠠᠭᠠᠨᠴᠠᠪ ᠬᠤᠲᠠ ᠶᠢᠨ ᠱᠠᠩᠳᠤ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠡᠭᠦᠷᠭᠡ ᠶᠢᠨ ᠲᠤᠭ᠎ᠠ 10 ᠠᠴᠠ ᠳᠡᠭᠡᠭᠰᠢ ᠪᠠᠶᠢᠵᠤ᠂ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢᠨ ᠲᠥᠷᠥᠯ ᠵᠦᠢᠯ ᠤᠨ ᠪᠠᠯᠠ ᠮᠥᠩᠭᠦ ᠶᠢᠨ ᠬᠠᠷᠠᠯᠲᠠ ᠶᠢᠨ ᠡᠭᠦᠷᠭᠡ 3.35 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠨ᠎ᠠ︔ ᠳᠥᠷᠪᠡᠨ ᠲᠤᠰᠬᠠᠶ ᠬᠤᠳᠠᠯᠳᠤᠭᠠᠴᠢᠨ ᠤᠷᠢᠬᠤ ᠳᠤᠭᠤᠶᠢᠯᠠᠩ ᠤᠨ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠡᠭᠦᠷᠭᠡ ᠶᠢᠨ ᠲᠤᠭ᠎ᠠ ᠨᠡᠶᠢᠲᠡ 65 ᠠᠴᠠ ᠳᠡᠭᠡᠭᠰᠢ ᠪᠠᠶᠢᠨ᠎ᠠ᠂ ᠡᠭᠦᠨ ᠳᠤ᠄ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠳᠤᠭᠤᠶᠢᠯᠠᠩ 16 ᠠᠴᠠ ᠳᠡᠭᠡᠭᠰᠢ᠂ ᠲᠣᠨᠤᠭ ᠲᠥᠬᠦᠭᠡᠷᠦᠮᠵᠢ ᠦᠶ᠋ᠯᠡᠳᠬᠦ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠳᠤᠭᠤᠶᠢᠯᠠᠩ 16 ᠠᠴᠠ ᠳᠡᠭᠡᠭᠰᠢ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠳᠤᠭᠤᠶᠢᠯᠠᠩ 16 ᠠᠴᠠ ᠳᠡᠭᠡᠭᠰᠢ᠂ ᠶᠡᠷᠦᠩᠬᠡᠶᠢᠯᠡᠭᠰᠡᠨ ᠬᠤᠳᠠᠯᠳᠤᠭᠠᠴᠢᠨ ᠤᠷᠢᠬᠤ ᠳᠤᠭᠤᠶᠢᠯᠠᠩ 17 ᠠᠴᠠ ᠳᠡᠭᠡᠭᠰᠢ ᠪᠠᠶᠢᠨ᠎ᠠ᠃ ᠡᠭᠦᠷᠭᠡ ᠶᠢ ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠡᠭᠦᠷᠭᠡ ᠶᠢᠨ ᠲᠤᠭ᠎ᠠ ᠶᠢ ᠲᠣᠰ ᠲᠣᠰ 5 ᠠᠴᠠ ᠳᠡᠭᠡᠭᠰᠢ ᠪᠠᠶᠢᠯᠭᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠡᠭᠦᠷᠭᠡ ᠶᠢᠨ ᠲᠤᠭ᠎ᠠ ᠶᠢ ᠲᠣᠰ ᠲᠣᠰ 3 ᠠᠴᠠ ᠳᠡᠭᠡᠭᠰᠢ ᠪᠠᠶᠢᠯᠭᠠᠵᠤ᠂ ᠪᠤᠰᠤᠳ ᠪᠦᠷᠢᠯᠳᠦᠬᠦᠨ ᠨᠢᠭᠡᠴᠡ ᠶᠢᠨ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠡᠭᠦᠷᠭᠡ ᠶᠢᠨ ᠲᠤᠭ᠎ᠠ ᠶᠢ ᠲᠣᠰ ᠲᠣᠰ 1 ᠠᠴᠠ ᠳᠡᠭᠡᠭᠰᠢ ᠪᠠᠶᠢᠯᠭᠠᠨ᠎ᠠ᠃ ᠪᠣᠳᠠᠲᠠᠶ ᠪᠠᠶᠢᠳᠠᠯ ᠨᠢ ᠳᠣᠤᠷᠠᠬᠢ ᠮᠡᠲᠦ᠄    1. ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠳᠤᠭᠤᠶᠢᠯᠠᠩ    ᠳᠤᠭᠤᠶᠢᠯᠠᠩ ᠤᠨ ᠳᠠᠷᠤᠭ᠎ᠠ᠄ ᠯᠢ ᠶᠠ ᠳ᠋ᠦᠩ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ    ᠳᠤᠭᠤᠶᠢᠯᠠᠩ ᠤᠨ ᠳᠡᠳ᠋ ᠳᠠᠷᠤᠭ᠎ᠠ᠄    ᠱᠢ ᠼᠦᠢ ᠴᠢᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ    ᠼᠤᠤ ᠵᠢᠶᠦ᠋ᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ    ᠵᠠᠩ ᠭᠤᠸᠠᠩ ᠰᠢᠶᠠᠨ ᠤ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ    ᠴᠢᠶᠣᠤ ᠷᠦᠢ ᠫᠢᠩ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ    ᠪᠦᠷᠢᠯᠳᠦᠭᠦᠨ ᠢ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠵᠣᠬᠢᠶᠠᠨ ᠪᠠᠶᠢᠭᠤᠯᠬᠤ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠨᠠᠮ ᠤᠨ ᠰᠤᠷᠭᠠᠭᠤᠯᠢ᠂ ᠬᠠᠩᠭᠠᠨ ᠪᠣᠷᠣᠯᠠᠭᠤᠯᠬᠤ ᠬᠤᠷᠰᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠂ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ ᠤᠨ ᠡᠯ᠎ᠡ ᠨᠢᠭᠡᠴᠡ ︵ᠰᠠᠯᠠᠭ᠎ᠠ ᠮᠥᠴᠢᠷ︶ ᠠᠴᠠ ᠰᠣᠩᠭᠤᠨ ᠭᠠᠷᠭᠠᠨ᠎ᠠ᠃    ᠲᠣᠰ ᠠᠵᠤ ᠦᠢᠯᠡᠰ ᠤᠨ ᠲᠥᠷᠥᠯ ᠤᠨ ᠬᠦᠷᠦᠯᠴᠡᠬᠦ ᠦᠭᠡᠢ ᠬᠡᠰᠡᠭ ᠢ ᠨᠢ ᠪᠤᠰᠤᠳ ᠠᠵᠤ ᠦᠢᠯᠡᠰ ᠤᠨ ᠲᠥᠷᠥᠯ ᠵᠦᠢᠯ ᠤᠨ ᠨᠥᠬᠦᠪᠦᠷᠢ ᠶᠢ ᠣᠷᠣᠭᠤᠯᠵᠤ ᠪᠣᠯᠣᠨ᠎ᠠ᠃ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ 6.9 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ ᠮᠥᠩᠭᠦ 825 ᠲᠦᠮᠡᠨ ᠲᠥᠭᠦᠷᠢᠭ ᠠᠴᠠ ᠳᠡᠭᠡᠭᠰᠢ ᠪᠠᠶᠢᠨ᠎ᠠ᠃    2. ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠳᠤᠭᠤᠶᠢᠯᠠᠩ    ᠳᠤᠭᠤᠶᠢᠯᠠᠩ ᠤᠨ ᠳᠠᠷᠤᠭ᠎ᠠ᠄ ᠵᠠᠩ ᠿᠢ ᠭᠤᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄    ᠴᠧᠨ ᠶᠠ ᠮᠢᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ    ︵ᠲᠦᠷ ᠬᠤᠭᠤᠰᠤᠨ︶ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ    ︵ᠲᠦᠷ ᠬᠤᠭᠤᠰᠤᠨ︶ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ    ᠼᠦᠢ ᡁᠢ ᠸᠧᠶ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ    ᠰᠢᠤᠸᠠᠢ ᠮᠧᠢ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ    ᠪᠦᠷᠢᠯᠳᠦᠬᠦᠨ ᠨᠢ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠴᠠᠬᠢᠯᠭᠠᠨ ᠬᠠᠩᠭᠠᠬᠤ ᠺᠣᠮᠫᠠᠨᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠢᠨᠠᠨ ᠪᠤᠳᠤᠬᠤ ᠲᠣᠪᠴᠢᠶ᠎ᠠ᠂ ᠬᠥᠭᠵᠢᠯᠲᠡ ᠶᠢᠨ ᠰᠤᠳᠤᠯᠭᠠᠨ ᠤ ᠲᠥᠪ᠂ ᠤᠯᠠᠭ᠎ᠠ ᠥᠷᠲᠡᠭᠡ ᠤᠰᠤᠨ ᠤ ᠶᠠᠪᠤᠳᠠᠯ ᠤᠨ ᠺᠣᠮᠫᠠᠨᠢ ᠶᠢᠨ ᠡᠯ᠎ᠡ ᠨᠢᠭᠡᠴᠡ ︵ᠰᠠᠯᠠᠭ᠎ᠠ ᠮᠥᠴᠢᠷ︶ ᠠᠴᠠ ᠳᠤᠭᠤᠶᠢᠯᠠᠩ     ᠲᠣᠰ ᠠᠵᠤ ᠦᠢᠯᠡᠰ ᠤᠨ ᠲᠥᠷᠥᠯ ᠤᠨ ᠬᠦᠷᠦᠯᠴᠡᠬᠦ ᠦᠭᠡᠢ ᠬᠡᠰᠡᠭ ᠢ ᠨᠢ ᠪᠤᠰᠤᠳ ᠠᠵᠤ ᠦᠢᠯᠡᠰ ᠤᠨ ᠲᠥᠷᠥᠯ ᠵᠦᠢᠯ ᠤᠨ ᠨᠥᠬᠦᠪᠦᠷᠢ ᠶᠢ ᠣᠷᠣᠭᠤᠯᠵᠤ ᠪᠣᠯᠣᠨ᠎ᠠ᠃ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ 6.9 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ ᠮᠥᠩᠭᠦ 892 ᠲᠦᠮᠡᠨ ᠲᠥᠭᠦᠷᠢᠭ ᠠᠴᠠ ᠳᠡᠭᠡᠭᠰᠢ ᠪᠠᠶᠢᠨ᠎ᠠ᠃    3. ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠳᠤᠭᠤᠶᠢᠯᠠᠩ    ᠳᠤᠭᠤᠶᠢᠯᠠᠩ ᠤᠨ ᠳᠠᠷᠤᠭ᠎ᠠ᠄ ᠰᠢᠶᠦ᠋ᠩ ᠸᠧᠶ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄    ᠮᠧᠩ ᠶᠦᠩ ᠴᠢᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ    ᠦ᠋ ᠴᠠᠩ ᠵᠢᠶᠦ᠋ᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠦᠷᠦ ᠶᠢᠨ ᠭᠡᠰᠢᠭᠦᠨ    ᠸᠠᠩ ᠬᠤ᠋ ᠵᠢᠶᠦ᠋ᠨ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ    ᠯᠢᠦ ᠷᠦᠢ ᠰᠢᠶᠠᠨ ᠤ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ    ᠭᠡᠰᠢᠭᠦᠳ ᠨᠢ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠵᠡᠪᠰᠡᠭᠲᠦ ᠬᠦᠴᠦᠨ ᠤ ᠬᠡᠯᠲᠡᠰ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠨ ᠪᠠᠶᠢᠴᠠᠭᠠᠬᠤ ᠠᠯᠪᠠᠨ ᠭᠡᠷ᠂ ᠳᠠᠩᠰᠠ ᠡᠪᠬᠡᠮᠡᠯ ᠤᠨ ᠣᠷᠳᠣᠨ᠂ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠨᠤᠭᠤ ᠭᠠᠵᠠᠷ ᠤᠨ ᠬᠠᠮᠠᠭᠠᠯᠠᠯᠲᠠ ᠶᠢᠨ ᠲᠥᠪ᠂ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠦᠢᠯᠡᠴᠢᠯᠡᠭᠡᠨ ᠤ ᠲᠥᠪ᠂ ᠬᠤᠩ ᠰᠢᠨ ᠪᠡᠯᠡ ᠣᠷᠣᠭᠤᠯᠤᠯᠲᠠ ᠶᠢᠨ ᠺᠣᠮᠫᠠᠨᠢ᠂ ᠢ ᠲᠦᠩ ᠰᠣᠶᠣᠯ ᠵᠢᠭᠤᠯᠴᠢᠯᠠᠯ ᠤᠨ ᠺᠣᠮᠫᠠᠨᠢ᠂ ᠷᠦᠩ ᠳ᠋ᠠ ᠴᠧᠩ ᠪᠡᠯᠡ ᠣᠷᠣᠭᠤᠯᠤᠯᠲᠠ ᠶᠢᠨ ᠺᠣᠮᠫᠠᠨᠢ ᠶᠢᠨ ᠡᠯ᠎ᠡ ᠨᠢᠭᠡᠴᠡ ︵ᠰᠠᠯᠠᠭ᠎ᠠ ᠮᠥᠴᠢᠷ︶ ᠳᠤᠭᠤᠶᠢᠯᠠᠩ ᠢᠶᠠᠷ ᠰᠣᠩᠭᠤᠨ᠎ᠠ᠃    ᠲᠣᠰ ᠠᠵᠤ ᠦᠢᠯᠡᠰ ᠤᠨ ᠲᠥᠷᠥᠯ ᠤᠨ ᠬᠦᠷᠦᠯᠴᠡᠬᠦ ᠦᠭᠡᠢ ᠬᠡᠰᠡᠭ ᠢ ᠨᠢ ᠪᠤᠰᠤᠳ ᠠᠵᠤ ᠦᠢᠯᠡᠰ ᠤᠨ ᠲᠥᠷᠥᠯ ᠵᠦᠢᠯ ᠤᠨ ᠨᠥᠬᠦᠪᠦᠷᠢ ᠶᠢ ᠣᠷᠣᠭᠤᠯᠵᠤ ᠪᠣᠯᠣᠨ᠎ᠠ᠃ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ 6.9 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ ᠮᠥᠩᠭᠦ 825 ᠲᠦᠮᠡᠨ ᠲᠥᠭᠦᠷᠢᠭ ᠠᠴᠠ ᠳᠡᠭᠡᠭᠰᠢ ᠪᠠᠶᠢᠨ᠎ᠠ᠃    4. ᠶᠡᠷᠦᠩᠬᠡᠶᠢᠯᠡᠭᠰᠡᠨ ᠬᠤᠳᠠᠯᠳᠤᠭᠠᠴᠢᠨ ᠤᠷᠢᠬᠤ ᠳᠤᠭᠤᠶᠢᠯᠠᠩ    ᠳᠤᠭᠤᠶᠢᠯᠠᠩ ᠤᠨ ᠳᠠᠷᠤᠭ᠎ᠠ᠄ ᠵᠠᠩ ᠰᠢᠨ ᠭᠦᠸᠧ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ    ᠳᠡᠳ᠋ ᠳᠤᠭᠤᠶᠢᠯᠠᠩ ᠤᠨ ᠳᠠᠷᠤᠭ᠎ᠠ᠄    ᠸᠠᠩ ᠲᠢᠶᠠᠨ ᠢᠦᠶ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ    ᠯᠠᠨ ᠷᠦᠢ ᠰᠢᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ    ᠸᠧᠶ ᠸᠧᠶ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ    ᠵᠣᠣ ᠭᠦᠸᠧ ᠸᠧᠨ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ    ᠪᠦᠷᠢᠯᠳᠦᠬᠦᠨ᠄ ᠭᠡᠰᠢᠭᠦᠳ ᠨᠢ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠠᠵᠢᠯᠴᠢᠨ ᠤ ᠡᠪᠯᠡᠯ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠴᠡᠴᠡᠷᠯᠢᠭ ᠤᠨ ᠦᠢᠯᠡᠴᠢᠯᠡᠭᠡᠨ ᠤ ᠲᠥᠪ᠂ ᠬᠤᠲᠠ ᠪᠠᠯᠭᠠᠰᠤᠨ ᠤ ᠤᠰᠤᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠤᠨ ᠡᠯ᠎ᠡ ᠨᠢᠭᠡᠴᠡ ︵ᠰᠠᠯᠠᠭ᠎ᠠ ᠮᠥᠴᠢᠷ︶ ᠠᠴᠠ ᠳᠤᠭᠤᠶᠢᠯᠠᠩ ᠬᠤᠪᠢᠶᠠᠨ ᠬᠠᠮᠢᠶᠠᠷᠤᠨ᠎ᠠ᠃    ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ 6.95 ᠳ᠋ᠦᠩᠰᠢᠭᠤᠷ ᠲᠥᠭᠦᠷᠢᠭ ᠠᠴᠠ ᠳᠡᠭᠡᠭᠰᠢ᠂ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ ᠮᠥᠩᠭᠦ 825 ᠲᠦᠮᠡᠨ ᠲᠥᠭᠦᠷᠢᠭ ᠠᠴᠠ ᠳᠡᠭᠡᠭᠰᠢ᠃    ᠡᠯ᠎ᠡ ᠬᠤᠳᠠᠯᠳᠤᠭᠠᠴᠢᠨ ᠤᠷᠢᠬᠤ ᠳᠤᠭᠤᠶᠢᠯᠠᠩ ᠤᠨ ᠪᠦᠷᠢᠯᠳᠦᠬᠦᠨ ᠨᠢ ᠳᠡᠭᠡᠷᠡᠬᠢ ᠳᠤᠭᠤᠶᠢᠯᠠᠩ ᠬᠤᠪᠢᠶᠠᠭᠰᠠᠨ ᠨᠢᠭᠡᠴᠡ ︵ᠰᠠᠯᠠᠭ᠎ᠠ ᠮᠥᠴᠢᠷ︶ ᠢᠶᠠᠷ ᠬᠢᠵᠠᠭᠠᠷᠯᠠᠬᠤ ᠥᠬᠡᠶ᠂ ᠪᠠᠶᠢᠳᠠᠯ ᠢ ᠨᠢ ᠦᠵᠡᠵᠦ ᠪᠠᠶᠢᠭᠠᠳ ᠡᠯ᠎ᠡ ᠠᠵᠤ ᠠᠬᠤᠶᠢᠯᠠᠯ ᠪᠠ ᠡᠯ᠎ᠡ ᠱᠠᠲᠤᠨ ᠤ ᠨᠢᠭᠡᠴᠡ ︵ᠰᠠᠯᠠᠭ᠎ᠠ ᠮᠥᠴᠢᠷ︶ ᠶᠢᠨ ᠬᠠᠮᠢᠶ᠎ᠠ ᠪᠥᠬᠦᠶ ᠬᠥᠮᠦᠰ ᠢ ᠵᠣᠬᠢᠶᠠᠨ ᠪᠠᠶᠢᠭᠤᠯᠵᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠥᠷᠨᠢᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠭᠦᠷᠭᠡ ᠶᠢᠨ ᠤᠷᠤᠭᠰᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃    ᠬᠤᠶᠠᠷ᠂ ᠬᠤᠯᠪᠣᠭᠳᠠᠯ ᠪᠦᠬᠦᠢ ᠱᠠᠭᠠᠷᠳᠠᠯᠭ᠎ᠠ    ︵ᠨᠢᠭᠡ᠂ ᠡᠯ᠎ᠡ ᠬᠤᠳᠠᠯᠳᠤᠭᠠᠴᠢᠨ ᠤᠷᠢᠬᠤ ᠳᠤᠭᠤᠶᠢᠯᠠᠩ ᠨᠢ ᠲᠣᠰ ᠳᠤᠭᠤᠶᠢᠯᠠᠩ ᠤᠨ ᠣᠷᠣᠭᠤᠯᠤᠨ ᠠᠪᠴᠢᠷᠠᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠤᠨ ᠡᠵᠡᠩᠨᠡᠬᠦ ᠪᠥᠬᠦ ᠶᠠᠪᠤᠴᠠ ᠳᠤ ᠬᠠᠷᠢᠭᠤᠴᠠᠨ᠎ᠠ᠃ ᠰᠢᠶᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠢᠯ ᠤᠨ ᠡᠴᠦᠰ ᠤᠨ ᠬᠢᠨᠠᠨ ᠰᠢᠯᠭᠠᠬᠤ ᠨᠢᠭᠡ ᠵᠦᠢᠯ ᠤᠨ ᠴᠢᠬᠤᠯᠠ ᠠᠭᠤᠯᠭ᠎ᠠ ᠪᠣᠯᠭᠠᠵᠤ᠂ ᠵᠢᠯ ᠤᠨ ᠡᠴᠦᠰ ᠲᠤ ᠡᠯ᠎ᠡ ᠬᠤᠳᠠᠯᠳᠤᠭᠠᠴᠢᠨ ᠤᠷᠢᠬᠤ ᠳᠤᠭᠤᠶᠢᠯᠠᠩ ᠪᠠ ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠡᠭᠦᠷᠭᠡ ᠪᠠᠨ ᠪᠡᠶᠡᠯᠡᠭᠦᠯᠦᠭᠡᠳᠦᠶ ᠨᠢᠭᠡᠴᠡ ︵ᠰᠠᠯᠠᠭ᠎ᠠ ᠮᠥᠴᠢᠷ︶ ︶ ᠭᠤᠣᠯ ᠬᠠᠷᠢᠭᠤᠴᠠᠯᠭᠠᠲᠠᠨ ᠨᠥᠬᠦᠳ ᠪᠣᠯᠵᠣᠨ ᠶᠠᠷᠢᠯᠴᠠᠵᠤ᠃    ︵ᠬᠤᠶᠠᠷ᠂ ᠡᠯ᠎ᠡ ᠡᠭᠦᠷᠭᠡ ᠶᠢᠨ ᠨᠢᠭᠡᠴᠢ︶ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠷᠢᠨ ᠨᠢᠮᠪᠠᠶ ᠲᠥᠯᠥᠪᠯᠡᠨ᠂ ᠨᠠᠷᠢᠯᠢᠭ ᠣᠨᠣᠴᠠᠲᠠᠶ ᠪᠠᠷ ᠬᠦᠴᠦᠯᠡᠵᠦ᠂ ᠲᠣᠰ ᠪᠡᠶ᠎ᠡ ᠶᠢᠨ ᠬᠤᠳᠠᠯᠳᠤᠭᠠᠴᠢᠨ ᠤᠷᠢᠬᠤ ᠡᠭᠦᠷᠭᠡ ᠵᠢᠴᠢ ᠬᠤᠳᠠᠯᠳᠤᠭᠠᠴᠢᠨ ᠤᠷᠢᠬᠤ ᠳᠤᠭᠤᠶᠢᠯᠠᠩ ᠤᠨ ᠬᠤᠪᠢᠶᠠᠷᠢᠯᠠᠯᠲᠠ ᠶᠢᠨ ᠠᠵᠢᠯ ᠤᠨ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠵᠢᠴᠢ ᠪᠤᠰᠤᠳ ᠮᠥᠷᠳᠡᠵᠦ ᠪᠠᠲᠤᠯᠠᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠬᠠᠮᠢᠶ᠎ᠠ ᠪᠥᠬᠦᠶ ᠪᠠᠲᠤᠯᠠᠭ᠎ᠠ ᠶᠢᠨ ᠠᠵᠢᠯ ᠤᠨ ᠪᠠᠶᠢᠳᠠᠯ ᠢ ᠬᠠᠮᠲᠤ ᠳᠤᠨᠢ ᠵᠢᠯ ᠤᠨ ᠡᠴᠦᠰ ᠤᠨ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃    ︵ᠭᠤᠷᠪᠠ᠂ ᠡᠯ᠎ᠡ ᠨᠢᠭᠡᠴᠢ︶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠢ ᠨᠠᠷᠢᠯᠢᠭ ᠨᠠᠶᠢᠳᠠᠪᠤᠷᠢᠵᠢᠭᠤᠯᠤᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠬᠥᠮᠦᠨ ᠪᠦᠬᠦᠨ ᠴᠥᠮ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠬᠢᠭᠤᠯᠤᠭᠴᠢ᠂ ᠬᠥᠮᠦᠨ ᠪᠦᠬᠦᠨ ᠴᠥᠮ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠬᠠᠮᠠᠭᠠᠯᠠᠭᠴᠢ ᠮᠥᠨ︾ ᠭᠡᠬᠦ ᠪᠠᠶᠢᠳᠠᠯ ᠢ ᠲᠦᠷᠭᠡᠪᠴᠢᠯᠡᠨ ᠪᠣᠶ ᠪᠣᠯᠭᠠᠵᠤ᠂ ᠢᠲᠡᠭᠡᠮᠵᠢ ᠲᠠᠢ ᠬᠥᠮᠦᠰ ᠢ ᠳᠡᠯᠡᠬᠡᠶ ᠳ᠋ᠠᠬᠢᠨ ᠳᠤ ᠰᠠᠭᠠᠳ ᠥᠬᠡᠶ ᠶᠠᠪᠤᠭᠤᠯᠵᠤ᠂ ᠢᠲᠡᠭᠡᠯ ᠠᠯᠳᠠᠭᠰᠠᠳ ᠢ ᠥᠴᠦᠬᠡᠨ ᠴᠦ ᠠᠯᠬᠤᠬᠤ ᠳᠤ ᠪᠡᠷᠬᠡ ᠪᠣᠯᠭᠠᠵᠤ᠂ ᠦᠨᠡᠨᠴᠢ ᠢᠲᠡᠭᠡᠮᠵᠢ ᠶᠢᠨ ᠢᠨᠵᠧᠨᠧᠷᠢᠩ ᠢ ᠦᠨᠡᠨ ᠬᠦ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠴᠢᠨᠠᠷ ᠰᠠᠶᠢᠲᠠᠶ ᠢᠨᠵᠧᠨᠧᠷᠢᠩ ᠪᠣᠯᠭᠠᠬᠤ ᠬᠡᠷᠡᠭᠲᠡᠶ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2