ᠱᠢ ᠪᠠ ᠴᠢᠩ ᠪᠠᠯᠭᠠᠰᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/16
   ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠡᠪ ᠪᠣᠯᠪᠠᠰᠤᠷᠠᠯ ᠢ ᠴᠢᠩᠭᠠᠳᠬᠠᠬᠤ ᠶᠢᠨ ᠲᠥᠯᠥᠭᠡ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠨᠡᠶᠢᠭᠡᠮ ᠤᠨ ᠰᠠᠭᠤᠷᠢ ᠶᠢ ᠪᠠᠬᠢᠵᠢᠭᠦᠯᠦᠨ᠎ᠡ᠃ 4 ᠰᠠᠷ᠎ᠠ ᠶᠢᠨ 15 ᠤ ᠡᠳᠦᠷ᠂ ᠱᠢ ᠪᠠ ᠴᠢᠩ ᠪᠠᠯᠭᠠᠰᠤ ᠷᠦ᠋ ᠢ᠂ ᠴᠠᠩ ᠴᠢᠩ ᠬᠤᠶᠠᠷ ᠨᠡᠶᠢᠭᠡᠮ ᠲᠣᠭᠤᠷᠢᠭ ᠲᠤ ︽ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠲᠤᠬᠠᠢ ᠦᠵᠡᠯᠲᠡ · ᠰᠢᠨ᠎ᠡ ᠶᠢ ᠡᠭᠦᠳᠬᠦ ᠵᠢᠯᠣᠭᠤᠳᠤᠮᠵᠢ 10 ᠵᠢᠯ ᠤᠨ ᠤᠢ︾ ᠭᠡᠬᠦ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠪᠠᠯᠭᠠᠰᠤᠨ ᠤ ᠬᠠᠮᠢᠶ᠎ᠠ ᠪᠦᠬᠦᠢ ᠤᠳᠤᠷᠢᠳᠤᠯᠭ᠎ᠠ ᠪᠣᠯᠤᠨ ᠪᠦᠬᠦ ᠵᠠᠯᠠᠭᠤ ᠺᠠᠳ᠋ᠷᠴᠤᠳ ᠪᠠᠯᠭᠠᠰᠤ ᠶᠢᠨ ᠲᠣᠮᠢᠯᠠᠭᠰᠠᠨ ᠰᠠᠯᠪᠤᠷᠢ ᠪᠣᠯᠤᠨ ᠬᠠᠤᠯᠢ ᠴᠠᠭᠠᠵᠠ ᠶᠢᠨ ᠭᠠᠵᠠᠷ ᠲᠠᠢ ᠬᠠᠮᠲᠤᠷᠠᠨ ᠣᠷᠣᠯᠴᠠᠪᠠ᠃    ᠪᠠᠯᠭᠠᠰᠤᠨ ᠤ ᠤᠳᠤᠷᠢᠳᠬᠤ ᠺᠠᠳ᠋ᠷᠴᠤᠳ ᠲᠤᠬᠠᠶᠢᠯᠠᠭᠰᠠᠨ ᠠᠵᠢᠯ ᠤᠨ ᠬᠡᠪᠴᠢᠶᠡᠨ ᠳᠣᠲᠣᠷᠠᠬᠢ ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠲᠣᠭᠤᠷᠢᠨ ᠳᠤ᠂ ᠲᠤᠬᠠᠶ ᠶᠢᠨ ᠲᠠᠯᠠᠪᠠᠢ ᠳᠤ ᠲᠠᠶᠢᠯᠪᠤᠷᠢᠯᠠᠬᠤ ᠪᠠ ᠮᠠᠲ᠋ᠧᠷᠢᠶᠠᠯ ᠲᠠᠷᠬᠠᠭᠠᠬᠤ ᠠᠷᠭ᠎ᠠ ᠮᠠᠶ᠋ᠢᠭ ᠢ ᠠᠪᠴᠤ᠂ ᠤᠯᠠᠨ ᠲᠦᠮᠡᠨ ᠳᠤ ᠤᠯᠤᠰ ᠲᠦᠷᠦ ᠶᠢᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ᠂ ᠠᠵᠤ ᠠᠬᠤᠢ ᠵᠢᠴᠢ ᠮᠥᠩᠭᠦᠨ ᠭᠦᠢᠯᠭᠡᠭᠡᠨ ᠤ ᠠᠮᠤᠷ ᠲᠦᠪᠰᠢᠨ᠂ ᠮᠡᠳᠡᠭᠡ ᠵᠠᠩᠭᠢ ᠶᠢᠨ ᠠᠮᠤᠷ ᠲᠦᠪᠰᠢᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠤᠷ ᠲᠦᠪᠰᠢᠨ᠂ ᠭᠠᠵᠢᠭᠤ ᠨᠣᠮᠯᠠᠯ ᠢ ᠡᠰᠡᠷᠭᠦᠴᠡᠬᠦ ᠵᠡᠷᠭᠡ ᠲᠠᠯ᠎ᠠ ᠶᠢᠨ ᠮᠡᠳᠡᠯᠭᠡ ᠶᠢ ᠤᠬᠠᠭᠤᠯᠵᠤ᠂ ᠨᠡᠩ ᠤᠯᠠᠨ ᠬᠥᠮᠦᠨ ᠳᠤ ᠤᠯᠤᠰ ᠤᠨ ᠠᠮᠤᠷ ᠲᠦᠪᠰᠢᠨ ᠤ ᠠᠭᠤᠯᠤᠭᠳᠠᠬᠤᠨ ᠪᠠ ᠠᠴᠢ ᠬᠤᠯᠪᠣᠭᠳᠠᠯ ᠢ ᠤᠢᠢᠯᠠᠭᠠᠭᠤᠯᠵᠠᠢ᠃ ᠪᠦᠬᠦ ᠠᠷᠠᠳ ᠤᠨ ᠤᠯᠤᠰ ᠤᠨ ᠠᠮᠤᠷ ᠳᠦᠪᠰᠢᠨ ᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠤᠯᠠᠨ ᠨᠡᠶᠢᠳᠡ ᠶᠢᠨ ᠤᠯᠤᠰ ᠤᠨ ᠠᠮᠤᠷ ᠳᠦᠪᠰᠢᠨ ᠤ ᠬᠠᠤᠯᠢ ᠴᠠᠭᠠᠵᠠ ᠬᠠᠤᠯᠢ ᠳᠤᠭᠳᠠᠭᠠᠯ ᠤᠨ ᠳᠤᠬᠠᠢ ᠳᠠᠨᠢᠯᠳᠠ ᠶᠢᠨ ᠬᠢᠷᠢ ᠳᠦᠪᠰᠢᠨ ᠢ ᠳᠡᠭᠡᠭᠰᠢᠯᠡᠭᠦᠯᠦᠭᠰᠡᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠱᠢ ᠪᠠ ᠴᠢᠩ ᠪᠠᠯᠭᠠᠰᠤ ᠶᠢᠨ ᠬᠢᠨ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠦᠷᠭᠦᠯᠵᠢᠯᠡᠨ ᠠᠬᠢᠭᠤᠯᠵᠤ᠂ ᠬᠠᠷᠢᠶ᠎ᠠ ᠣᠷᠣᠨ ᠤ ᠪᠠᠨ ᠤᠬᠠᠭᠤᠯᠭ᠎ᠠ ᠶᠢᠨ ᠠᠵᠢᠯᠯᠠᠭ᠎ᠠ ᠶᠢ ᠪᠦᠬᠦ ᠲᠠᠯ᠎ᠠ ᠪᠠᠷ᠂ ᠪᠦᠬᠦᠨ ᠢ ᠬᠠᠮᠤᠷᠤᠨ ᠠᠬᠢᠭᠤᠯᠬᠤ ᠶᠢ ᠪᠠᠲᠤᠯᠠᠵᠤ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠤ᠂ ᠪᠦᠬᠦ ᠠᠷᠠᠳ ᠢᠶᠠᠷ ᠢᠶᠠᠨ ᠣᠷᠣᠯᠴᠠᠬᠤ᠂ ᠪᠦᠬᠦ ᠠᠷᠠᠳ ᠢᠶᠠᠷ ᠢᠶᠠᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ ᠪᠣᠯᠤᠨ᠎ᠠ᠃ᠣᠷᠴᠢᠭᠤᠯᠣᠭᠴᠢ  ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2