ᠰᠢᠶᠤᠤ ᠬᠠᠢ ᠽᠢ ᠪᠠᠯᠭᠠᠰᠤ ︽4.15︾ ᠤᠯᠤᠰ ᠤᠨ ᠠᠮᠤᠷ ᠲᠦᠪᠰᠢᠨ ᠤ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/4/16
  ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠪᠠ ᠤᠯᠤᠰ ᠤᠨ ᠠᠮᠤᠷ ᠲᠦᠪᠰᠢᠨ ᠤ ᠠᠵᠢᠯ ᠤᠨ ᠲᠤᠬᠠᠶ ᠰᠢᠷᠢᠰ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ ᠪᠥᠬᠦ ᠪᠠᠯᠭᠠᠰᠤᠨ ᠤ ᠠᠷᠠᠳ ᠲᠦᠮᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠡᠪ ᠪᠣᠯᠪᠠᠰᠤᠷᠠᠯ ᠢ ᠴᠢᠡᠭ᠌ᠭᠠᠳᠬᠠᠵᠣ᠂ 4 ᠰᠠᠷ᠎ᠠ ᠶᠢᠨ 15 ᠤ ᠡᠳᠦᠷ᠂ ᠰᠢᠶᠤᠤ ᠬᠠᠢ ᠽᠢ ᠪᠠᠯᠭᠠᠰᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃    ᠪᠠᠯᠭᠠᠰᠤ ᠶᠢᠨ ᠪᠥᠬᠦ ᠺᠠᠳ᠋ᠷ᠂ ᠡᠯ᠎ᠡ ᠵᠠᠰᠠᠭ ᠵᠠᠬᠢᠷᠭᠠᠨ ᠤ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠵᠣᠬᠢᠶᠠᠨ ᠪᠠᠶᠢᠭᠤᠯᠵᠤ ︽ᠤᠯᠤᠰ ᠤᠨ ᠠᠮᠤᠷ ᠲᠦᠪᠰᠢᠨ ᠤ ᠬᠠᠤᠯᠢ ︾᠂ ︽ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠮᠡᠳᠡᠯᠭᠡ ᠶᠢᠨ ᠤᠩᠰᠢᠬᠤ ᠪᠢᠴᠢᠭ︾᠂ ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠦᠷᠢᠮ︾ ᠵᠡᠷᠭᠡ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠪᠠ᠃    ᠡᠭᠦᠨ ᠤ ᠬᠠᠮᠲᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠶᠠᠷᠢᠯᠴᠠᠬᠤ ᠬᠤᠷᠠᠯ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂    ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ᠂   ᠭᠠᠵᠢᠭᠤ ᠨᠣᠮᠯᠠᠯ ᠢ ᠡᠰᠡᠷᠭᠦᠴᠡᠬᠦ᠂ ᠤᠯᠤᠰ ᠤᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ ᠵᠢᠴᠢ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠵᠡᠷᠭᠡ ᠬᠠᠮᠢᠶ᠎ᠠ ᠪᠥᠬᠦᠶ ᠮᠡᠳᠡᠯᠭᠡ ᠶᠢ ᠤᠬᠠᠭᠤᠯᠵᠤ᠂ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢᠨ ᠴᠢᠬᠤᠯᠠ ᠠᠴᠢ ᠬᠤᠯᠪᠣᠭᠳᠠᠯ ᠢ ᠣᠶᠢᠯᠠᠭᠠᠭᠤᠯᠵᠤ᠂ ᠮᠠᠨ ᠤ ᠪᠠᠯᠭᠠᠰᠤᠨ ᠤ ᠠᠮᠤᠷ ᠲᠦᠪᠰᠢᠨ ᠤ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠪᠥᠬᠦ ᠪᠠᠯᠭᠠᠰᠤᠨ ᠤ ᠠᠷᠠᠳ ᠣᠯᠠᠨ ᠤ ᠠᠮᠤᠷ ᠲᠦᠪᠰᠢᠨ ᠤ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠠᠮᠤᠷ ᠲᠦᠪᠰᠢᠨ ᠤ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠤᠬᠠᠮᠰᠠᠷ ᠠᠴᠠ ᠪᠠᠨ ᠤᠯᠤᠰ ᠤᠨ ᠠᠮᠤᠷ ᠲᠦᠪᠰᠢᠨ ᠤ ᠵᠢᠱᠢᠶᠡᠴᠢ ᠰᠠᠬᠢᠬᠴᠢ ᠪᠠ ᠡᠷᠡᠰ ᠬᠠᠮᠠᠭᠠᠯᠠᠬᠴᠢ ᠪᠤᠯᠬᠤ ᠪᠠᠷ ᠴᠢᠷᠮᠠᠶᠢᠪᠠ᠃    ᠲᠣᠰ ᠤᠳᠠᠭᠠᠨ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠶᠢ ᠥᠷᠨᠢᠭᠦᠯᠦᠭᠰᠡᠨ ᠨᠢ ᠡᠯ᠎ᠡ ᠲᠥᠷᠥᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 300 ᠭᠠᠷᠤᠶ ᠬᠤᠪᠢ ᠲᠠᠷᠬᠠᠭᠠᠵᠤ᠂ ᠣᠯᠠᠨ ᠲᠦᠮᠡᠨ ᠤ ᠳᠤᠷᠠᠳᠤᠭᠰᠠᠨ ᠡᠯ᠎ᠡ ᠲᠥᠷᠥᠯ ᠤᠨ ᠬᠠᠤᠯᠢ ᠴᠠᠭᠠᠵᠠ ᠶᠢᠨ ᠠᠰᠠᠭᠤᠳᠠᠯ ᠳᠤ ᠲᠤᠬᠠᠶ ᠶᠢᠨ ᠲᠠᠯᠠᠪᠠᠶ ᠳᠤ 20 ᠭᠠᠷᠤᠶ ᠬᠥᠮᠦᠨ ᠤᠳᠠᠭ᠎ᠠ ᠬᠠᠷᠢᠭᠤᠯᠲᠠ ᠥᠭᠴᠦ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠭᠰᠠᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠰᠢᠶᠤᠤ ᠬᠠᠢ ᠽᠢ ᠪᠠᠯᠭᠠᠰᠤ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠥᠷᠭᠡᠨ ᠳᠡᠯᠭᠡᠷ ᠥᠷᠨᠢᠭᠦᠯᠵᠦ᠂ ᠠᠷᠠᠳ ᠤᠯᠠᠨ ᠢ ᠬᠦᠳᠦᠯᠦᠨ ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠢ ᠴᠢᠬᠤᠯᠠᠴᠢᠯᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠵᠤ᠂ ᠤᠯᠤᠰ ᠤᠨ ᠠᠮᠤᠷ ᠲᠦᠪᠰᠢᠨ ᠤ ︽ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠢᠵᠦ ᠪᠣᠯᠬᠤ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2