ᠶᠡᠭᠡ ᠬᠠᠰᠢᠶᠠᠲᠦ ᠪᠠᠯᠭᠠᠰᠤ ᠤᠯᠤᠰ ᠤᠨ ᠠᠮᠤᠷ ᠲᠦᠪᠰᠢᠨ ᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/16
  4 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠶᠡᠭᠡ ᠬᠠᠰᠢᠶᠠᠲᠦ ᠪᠠᠯᠭᠠᠰᠤᠨ ᠤ ᠵᠠᠰᠠᠭ ᠤᠨ ᠣᠷᠳᠣᠨ ᠪᠠ ᠪᠠᠯᠭᠠᠰᠣᠨ ᠤ ᠬᠠᠤᠯᠢ ᠴᠠᠭᠠᠵᠠ ᠶᠢᠨ ᠭᠠᠵᠠᠷ ᠲᠠᠢ ᠬᠠᠮᠲᠤᠷᠠᠨ ︽4.15︾ ᠤ ᠤᠯᠤᠰ ᠤᠨ ᠠᠮᠤᠷ ᠲᠦᠪᠰᠢᠨ ᠤ ᠡᠳᠦᠷ ᠤᠨ ᠲᠤᠰᠬᠠᠶ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃    ᠶᠡᠷᠦ ᠠᠴᠠ ᠮᠠᠨ ᠤ ᠪᠠᠯᠭᠠᠰᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠠᠶ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠮᠠᠨ ᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠰᠦᠨ ᠿᠦ᠂ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠭᠤᠤ ᠶᠢᠨ ᠱᠠᠨ ᠤᠬᠠᠭᠤᠯᠭ᠎ᠠ ᠶᠢᠨ ᠪᠣᠭᠴᠣ ᠲᠠᠷᠬᠠᠭᠠᠬᠤ᠂ ᠣᠯᠠᠨ ᠲᠦᠮᠡᠨ ᠳᠤ ᠤᠯᠤᠰ ᠤᠨ ᠠᠮᠤᠷ ᠲᠦᠪᠰᠢᠨ ᠤ ᠲᠤᠬᠠᠢ ᠲᠠᠶᠢᠯᠪᠤᠷᠢᠯᠠᠨ ᠥᠭᠴᠦ᠂ ᠣᠯᠠᠨ ᠲᠦᠮᠡᠨ ᠳᠤ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠪᠡ᠃ ᠡᠭᠦᠨ ᠤ ᠬᠠᠮᠲᠤ᠂ ᠮᠠᠨ ᠤ ᠪᠠᠯᠭᠠᠰᠤ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠦᠨᠳᠦᠰᠦᠲᠡᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠮᠡᠳᠡᠯᠭᠡ ᠶᠢᠨ ᠤᠬᠠᠭᠤᠯᠭ᠎ᠠ ᠬᠢᠵᠦ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠥᠷᠨᠢᠭᠦᠯᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠴᠡᠶ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠮᠠᠨ ᠤ ᠪᠠᠯᠭᠠᠰᠤᠨ ᠤ ᠠᠷᠠᠳ ᠢᠷᠭᠡᠳ ᠲᠤ ᠤᠯᠤᠰ ᠤᠨ ᠠᠮᠤᠷ ᠲᠦᠪᠰᠢᠨ ᠢ ᠮᠡᠳᠡᠷᠡᠭᠦᠯᠵᠦ᠂ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠪᠡ᠃ ᠡᠨᠡ ᠬᠦ ᠰᠠᠭᠤᠷᠢᠨ ᠳᠡᠭᠡᠷ᠎ᠡ ᠪᠠᠰᠠ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠤᠬᠠᠭᠤᠯᠵᠤ᠂ ᠮᠠᠰᠢ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2