ᠰᠢ ᠵᠢᠩ ᠽᠢ ᠪᠠᠯᠭᠠᠰᠤ ︽4.15︾ ᠤᠯᠤᠰ ᠤᠨ ᠠᠮᠤᠷ ᠲᠦᠪᠰᠢᠨ ᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/4/16
  2024 ᠣᠨ ᠤ 4 ᠰᠠᠷ᠎ᠠ ᠶᠢᠨ 15 ᠤ ᠡᠳᠦᠷ ᠪᠣᠯ ᠤᠯᠤᠰ ᠤᠨ ᠠᠮᠤᠷ ᠲᠦᠪᠰᠢᠨ ᠤ ᠡᠳᠦᠷ ᠮᠥᠨ᠂ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠤᠬᠠᠭᠤᠯᠬᠤ ᠵᠢᠴᠢ ᠰᠢᠨᠵᠢᠯᠡᠬᠦ ᠤᠬᠠᠭᠠᠨ ᠢ ᠡᠷᠬᠢᠮᠯᠡᠨ ᠭᠠᠵᠢᠭᠤ ᠨᠣᠮᠯᠠᠯ ᠢ ᠡᠰᠡᠷᠭᠦᠴᠡᠵᠦ᠂ ᠱᠠᠰᠢᠨ ᠰᠤᠷᠲᠠᠬᠤᠨ ᠤ ᠡᠶ᠎ᠡ ᠵᠣᠬᠢᠴᠠᠯ ᠢ ᠠᠬᠢᠭᠤᠯᠬᠤ ᠶᠢᠨ ᠲᠥᠯᠥᠭᠡ᠂ ᠥᠷᠭᠡᠨ ᠤᠯᠠᠨ ᠺᠠᠳ᠋ᠷ ᠤᠯᠠᠨ ᠲᠦᠮᠡᠨ ᠳᠤ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠣᠶᠢᠯᠠᠭᠠᠭᠤᠯᠵᠤ᠂ ᠤᠯᠠᠨ ᠲᠦᠮᠡᠨ ᠤ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠦᠨ᠂ ᠤᠯᠠᠨ ᠲᠦᠮᠡᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷᠲᠤ ᠴᠢᠨᠠᠷ ᠢ ᠳᠡᠭᠡᠭᠰᠢᠯᠡᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠤ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠨᠡᠮᠡᠭᠳᠡᠭᠦᠯᠪᠡ᠃ ᠰᠢ ᠵᠢᠩ ᠽᠢ ᠪᠠᠯᠭᠠᠰᠤᠨ ᠤ ᠤᠯᠤᠰ ᠲᠥᠷᠥ ᠬᠠᠤᠯᠢ ᠴᠠᠭᠠᠵᠠ ᠶᠢᠨ ᠠᠯᠪᠠᠨ ᠬᠡᠷ᠂ ᠰᠢ ᠵᠢᠩ ᠽᠢ ᠱᠠᠰᠢᠨ ᠰᠤᠷᠲᠠᠬᠤᠨ ᠤ ᠠᠯᠪᠠᠨ ᠬᠡᠷ ᠬᠠᠮᠲᠤᠷᠠᠨ ᠰᠢ ᠵᠢᠩ ᠽᠢ ᠪᠠᠯᠭᠠᠰᠤᠨ ᠤ ᠭᠧ ᠬᠤᠸᠠ ᠲᠣᠰᠬᠤᠨ ᠤ ᠵᠣᠯ ᠵᠢᠷᠭᠠᠯ ᠤᠨ ᠬᠦᠷᠢᠶᠡᠯᠡᠩ᠂ ᠭᠧᠬᠤᠸᠠ ᠲᠣᠰᠬᠤᠨ ᠤ ᠠᠷᠠᠳ ᠤᠨ ᠵᠥᠪᠯᠡᠯ᠂ ᠰᠢ ᠵᠢᠩ ᠽᠢ ᠪᠠᠯᠭᠠᠰᠤᠨ ᠤ ᠴᠢ ᠳ᠋ᠧᠩ ᠶᠢᠩ ᠲᠣᠰᠬᠤᠨ᠂ ᠰᠢ ᠵᠢᠩ ᠽᠢ ᠪᠠᠯᠭᠠᠰᠤᠨ ᠤ ᠵᠠᠩ ᠵᠢᠶᠠ ᠹᠠᠩ ᠲᠣᠰᠬᠤᠨ ᠳᠤ ︽ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠤᠯᠤᠰ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ︾ ᠪᠠᠷ ᠭᠤᠤᠯ ᠰᠡᠳᠦᠪ ᠪᠣᠯᠭᠠᠭᠰᠠᠨ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠨᠢ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠠᠤᠯᠢ ᠴᠠᠭᠠᠵᠠ ᠶᠢᠨ ᠯᠠᠪᠯᠠᠭ᠎ᠠ ᠳᠤ ᠬᠠᠷᠢᠭᠤᠯᠲᠠ ᠥᠭᠬᠦ ᠵᠡᠷᠭᠡ ᠠᠷᠭ᠎ᠠ ᠬᠡᠯᠪᠡᠷᠢ ᠪᠠᠷ ᠣᠯᠠᠨ ᠲᠦᠮᠡᠨ ᠳᠤ ︽ᠤᠯᠤᠰ ᠤᠨ ᠠᠮᠤᠷ ᠲᠦᠪᠰᠢᠨ ᠤ ᠬᠠᠤᠯᠢ︾᠂ ︽ᠲᠠᠩᠨᠠᠭᠤᠯ ᠢ ᠡᠰᠡᠷᠭᠦᠴᠡᠬᠦ ᠬᠠᠤᠯᠢ︾᠂ ︽ᠮᠡᠳᠡᠭᠡᠯᠡᠯ ᠤᠨ ᠬᠠᠤᠯᠢ︾᠂ ︽ᠰᠦᠷᠳᠡᠭᠦᠯᠦᠯ ᠢ ᠡᠰᠡᠷᠭᠦᠴᠡᠬᠦ ᠬᠠᠤᠯᠢ︾᠂ ︽ᠨᠢᠭᠤᠴᠠ ᠶᠢ ᠬᠠᠮᠠᠭᠠᠯᠠᠬᠤ ᠬᠠᠤᠯᠢ︾ ᠶᠢᠨ ᠤᠬᠠᠭᠤᠯᠭ᠎ᠠ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ ᠤ ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠦᠷᠢᠮ︾᠂ ︽ᠢᠨᠲ᠋ᠧᠷ ᠰᠦᠯᠵᠢᠶᠡᠨ ᠤ ᠱᠠᠰᠢᠨ ᠰᠤᠷᠲᠠᠬᠤᠨ ᠤ ᠬᠠᠮᠢᠶᠠᠷᠤᠯᠲᠠ ᠶᠢᠨ ᠠᠷᠭ᠎ᠠ︾᠂ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠪᠠ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 3 ᠵᠤᠷᠪᠤᠰ ᠬᠥᠨᠳᠡᠯᠡᠨ ᠪᠢᠴᠢᠭᠡᠰᠦ ᠡᠯᠭᠦᠵᠦ᠂ ᠮᠠᠲ᠋ᠧᠷᠢᠶᠠᠯ᠂ ᠤᠬᠠᠭᠤᠯᠭ᠎ᠠ ᠶᠢᠨ ᠳᠤᠷᠠᠰᠬᠠᠯ ᠤᠨ ᠪᠣᠳᠠᠰ 180 ᠭᠠᠷᠤᠶ ᠬᠤᠪᠢ ᠲᠠᠷᠬᠠᠭᠠᠵᠠᠶ᠃    ᠪᠠᠯᠭᠠᠰᠦᠨ ᠤ ᠨᠠᠮ ᠤᠨ ᠬᠤᠷᠢᠶᠠᠨ ᠤ ᠳᠡᠳ᠋ ᠱᠦᠵᠢ ᠸᠠᠩ ᠢ ᠹᠧᠩ ᠨᠥᠬᠦᠷ ᠭᠧ ᠬᠤᠸᠠ ᠲᠣᠰᠬᠤᠨ᠂ ᠴᠢ ᠳ᠋ᠧᠩ ᠶᠢᠩ ᠲᠣᠰᠬᠤᠨ ᠳᠤ ᠰᠢ ᠵᠢᠩ ᠽᠢ ᠪᠠᠯᠭᠠᠰᠤᠨ ᠤ ᠱᠠᠰᠢᠨ ᠰᠤᠷᠲᠠᠬᠤᠨ ᠤ ᠠᠵᠢᠯ ᠳᠤ ᠰᠢᠨ᠎ᠡ ᠪᠠᠶᠢᠳᠠᠯ ᠰᠢᠨ᠎ᠡ ᠥᠷᠢᠰᠥᠯᠳᠦᠭᠡᠨ ᠳᠤ ᠲᠤᠯᠭᠠᠷᠠᠵᠤ ᠶᠠᠷᠢᠶ᠎ᠠ ᠲᠠᠯᠪᠢᠪᠠ᠂ ᠱᠠᠰᠢᠨ ᠰᠤᠷᠲᠠᠬᠤᠨ ᠢ ᠢᠳᠡᠪᠬᠢᠲᠡᠢ ᠬᠦᠳᠦᠯᠦᠨ ᠵᠢᠯᠣᠭᠤᠳᠴᠤ ᠨᠡᠶᠢᠭᠡᠮ ᠵᠢᠷᠤᠮ ᠯᠤᠭ᠎ᠠ ᠵᠣᠬᠢᠴᠠᠭᠤᠯᠵᠤ᠂ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠠᠬᠢᠭᠤᠯᠵᠤ᠂ ᠥᠷᠭᠡᠨ ᠤᠯᠠᠨ ᠱᠠᠰᠢᠨ ᠰᠢᠲᠦᠳᠡᠭ ᠤᠯᠠᠨ ᠲᠦᠮᠡᠨ ᠤ ᠬᠦᠴᠦᠨ ᠢ ᠪᠦᠳᠦᠭᠡᠨ ᠪᠠᠶᠢᠭᠤᠯᠵᠤ ᠬᠠᠮᠲᠤ ᠪᠠᠷ ᠴᠢᠨᠡᠭᠡᠯᠢᠭᠵᠢᠬᠦ ᠳᠡᠭᠡᠷ᠎ᠡ ᠨᠢᠭᠲᠠᠷᠠᠭᠤᠯᠬᠤ ᠬᠡᠷᠡᠭᠲᠡᠢ᠃ ᠱᠠᠰᠢᠨ ᠰᠤᠷᠲᠠᠬᠤᠨ ᠤ ᠠᠵᠢᠯ ᠤᠨ ᠬᠠᠤᠯᠢᠵᠢᠯ ᠤᠨ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ᠱᠠᠰᠢᠨ ᠰᠢᠲᠦᠯᠭᠡ ᠶᠢᠨ ᠡᠷᠬᠡ ᠴᠢᠯᠥᠭᠡ ᠶᠢ ᠪᠠᠲᠤᠯᠠᠬᠤ ᠪᠠ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠬᠤ ᠶᠢ ᠨᠡᠩ ᠰᠠᠶᠢᠲᠤᠷ ᠨᠢᠭᠡᠳᠬᠡᠬᠦ ᠬᠡᠷᠡᠭᠲᠡᠶ᠃ ᠤᠯᠤᠰ᠂ ᠥᠪᠡᠷᠲᠡᠭᠡᠨ ᠵᠠᠰᠠᠬᠤ ᠣᠷᠣᠨ ᠤ   ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠦᠷᠢᠮ ︾᠂ ︽ᠢᠨᠲ᠋ᠧᠷ ᠰᠦᠯᠵᠢᠶᠡᠨ ᠤ ᠱᠠᠰᠢᠨ ᠰᠤᠷᠲᠠᠬᠤᠨ ᠤ ᠬᠠᠮᠢᠶᠠᠷᠤᠯᠲᠠ ᠶᠢᠨ ᠠᠷᠭ᠎ᠠ︾ ᠶᠢ ᠨᠠᠷᠢᠨ ᠬᠢᠨᠠᠮᠠᠭᠠᠶ ᠰᠤᠷᠤᠯᠴᠠᠵᠤ᠂ ᠮᠠᠨ ᠤ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠥᠬᠦ ᠪᠠᠯᠭᠠᠰᠤᠨ ᠤ ᠱᠠᠰᠢᠨ ᠰᠤᠷᠲᠠᠬᠤᠨ ᠤ ᠠᠵᠢᠯ ᠢ ᠪᠦᠲᠦᠭᠡᠯᠴᠢ ᠴᠢᠨᠠᠷᠲᠠᠶ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠱᠠᠰᠢᠨ ᠰᠤᠷᠲᠠᠬᠤᠨ ᠤ ᠠᠵᠢᠯ ᠢ ︽ᠬᠠᠮᠢᠶᠠᠷᠴᠤ ᠳᠡᠶᠢᠯᠬᠦ︾ ᠪᠠᠶᠢᠭᠰᠠᠨ ᠠᠴᠠ ︽ᠰᠠᠶᠢᠲᠤᠷ ᠬᠠᠮᠢᠶᠠᠷᠬᠤ︾ ᠪᠣᠯᠭᠠᠨ ᠬᠤᠪᠢᠷᠠᠭᠤᠯᠵᠤ᠂ ᠮᠠᠨ ᠤ ᠪᠠᠯᠭᠠᠰᠤᠨ ᠤ ᠱᠠᠰᠢᠨ ᠰᠤᠷᠲᠠᠬᠤᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠱᠠᠰᠢᠨ ᠰᠤᠷᠲᠠᠬᠤᠨ ᠤ ᠠᠵᠢᠯ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠨ᠎ᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2