ᠪᠣᠷᠦᠬᠤᠵᠢᠷ ᠰᠢᠶᠠᠩ 4.15 ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2024/4/16
  ᠤᠯᠤᠰ ᠤᠨ ᠠᠮᠤᠷ ᠲᠦᠪᠰᠢᠨ ᠪᠣᠯ ᠤᠯᠤᠰ ᠢ ᠲᠦᠪᠰᠢᠳᠬᠡᠬᠦ ᠴᠢᠬᠤᠯᠠ ᠰᠠᠭᠤᠷᠢ ᠮᠥᠨ᠂ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠬᠦ ᠶᠢ ᠴᠢᠩᠭᠠᠳᠬᠠᠵᠤ᠂ ᠮᠠᠨ ᠤ ᠰᠢᠶᠠᠩ ᠤᠨ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠶᠢᠰᠦᠳᠦᠭᠡᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠪᠣᠷᠦᠬᠤᠵᠢᠷ ᠰᠢᠶᠠᠩ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ · ᠰᠢᠨ᠎ᠡ ᠶᠢ ᠡᠭᠦᠳᠬᠦ ᠶᠢ ᠬᠦᠳᠦᠯᠦᠨ ᠳᠠᠭᠠᠭᠤᠯᠬᠤ 10 ᠵᠢᠯ ᠤᠨ ᠤᠢ︾ ᠭᠡᠬᠦ ᠭᠤᠣᠯ ᠰᠡᠳᠦᠪᠲᠦ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠲᠢᠶᠠᠨ ᠫᠧᠩ ᠹᠸᠢ ᠠᠵᠢᠯᠲᠠᠳ ᠢᠶᠠᠨ ᠵᠣᠬᠢᠶᠠᠨ ᠪᠠᠶᠢᠭᠤᠯᠵᠤ ᠪᠥᠬᠦ ᠰᠢᠶᠠᠩ ᠤᠨ 14 ᠵᠠᠰᠠᠭ ᠵᠠᠬᠢᠷᠭᠠᠨ ᠤ ᠲᠣᠰᠬᠤᠨ ᠤ ᠬᠡᠪᠴᠢᠶᠡᠨ ᠳᠤ 4.15 ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠮᠠᠨ ᠤ ᠰᠢᠶᠠᠩ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠤᠬᠠᠭᠤᠯᠭ᠎ᠠ ᠬᠢᠵᠦ᠂ ᠰᠦᠯᠵᠢᠶᠡᠨ ᠳᠡᠭᠡᠷ᠎ᠡ ᠣᠯᠠᠨ ᠨᠡᠶᠢᠲᠡ ᠶᠢᠨ ᠳ᠋ᠤᠭᠠᠷ᠂ ᠡᠯ᠎ᠡ ᠲᠣᠰᠬᠤᠨ ᠤ ᠸᠢᠴᠠᠲ ᠤᠨ ᠬᠤᠯᠪᠣᠭ᠎ᠠ ᠶᠢ ᠠᠰᠢᠭᠯᠠᠨ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠡᠳᠦᠷ ᠤᠨ ᠤᠬᠠᠭᠤᠯᠭ᠎ᠠ ᠶᠢᠨ ᠮᠡᠳᠡᠯᠭᠡ ᠶᠢ ᠳᠠᠮᠵᠢᠭᠤᠯᠤᠨ ᠲᠠᠷᠬᠠᠭᠠᠵᠤ᠂ ᠰᠦᠯᠵᠢᠶᠡᠨ ᠭᠠᠳᠠᠨ᠎ᠠ ᠲᠥᠪᠯᠡᠷᠡᠭᠦᠯᠦᠨ ᠤᠬᠠᠭᠤᠯᠬᠤ ᠴᠡᠭ ᠭᠠᠷᠭᠠᠬᠤ᠂ ᠵᠠᠷᠯᠠᠯ ᠨᠠᠭᠠᠬᠤ᠂ ᠬᠥᠨᠳᠡᠯᠡᠨ ᠪᠢᠴᠢᠭᠡᠰᠦ ᠨᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ ᠭᠠᠷ ᠳᠡᠪᠲᠡᠷ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠬᠠᠤᠯᠢ ᠴᠠᠭᠠᠵᠠ ᠶᠢᠨ ᠵᠥᠪᠯᠡᠯᠭᠡ ᠥᠭᠬᠦ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢ ᠲᠠᠷᠬᠠᠭᠠᠵᠤ᠂ ᠣᠯᠠᠨ ᠲᠦᠮᠡᠨ ᠲᠠᠢ ︽ᠨᠢᠭᠤᠷᠳᠠᠬᠤ᠂ ᠵᠠᠶ ᠥᠬᠡᠶ᠂ ᠬᠠᠷᠢᠯᠴᠠᠨ ᠬᠥᠳᠡᠯᠦᠯᠴᠡᠬᠦ ᠮᠠᠶ᠋ᠢᠭ︾ ᠤᠨ ᠠᠰᠠᠭᠤᠨ ᠯᠠᠪᠯᠠᠬᠤ ᠦᠢᠯᠡᠴᠢᠯᠡᠭᠡ ᠥᠷᠨᠢᠭᠦᠯᠵᠦ᠂ ᠨᠠᠮ ᠤᠨ ᠭᠡᠰᠢᠭᠦᠨ ᠣᠯᠠᠨ ᠲᠦᠮᠡᠨ ᠢ ᠢᠳᠡᠪᠬᠢᠲᠡᠶ ᠪᠠᠷ ᠲᠡᠳᠡᠨ ᠠᠪᠴᠢᠷᠠᠪᠠ᠃ ᠠᠵᠢᠯᠯᠠᠭ᠎ᠠ ᠶᠢᠨ ᠳᠤᠮᠳᠠ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠭᠦᠨᠵᠡᠭᠡᠢ ᠠᠭᠤᠯᠤᠭᠳᠠᠬᠤᠨ ᠢ ᠶᠡᠭᠡ ᠪᠠᠷ ᠤᠬᠠᠭᠤᠯᠵᠤ᠂ ᠤᠯᠤᠰ ᠤᠨ ᠠᠮᠤᠷ ᠲᠦᠪᠰᠢᠨ ᠤ ᠬᠠᠤᠯᠢ᠂ ᠲᠠᠩᠨᠠᠭᠤᠯ ᠢ ᠡᠰᠡᠷᠭᠦᠴᠡᠬᠦ ᠬᠠᠤᠯᠢ᠂ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ᠂ ᠭᠠᠵᠢᠭᠤ ᠨᠣᠮᠯᠠᠯ ᠢ ᠡᠰᠡᠷᠭᠦᠴᠡᠬᠦ ᠬᠠᠤᠯᠢ ᠵᠡᠷᠭᠡ ᠠᠭᠤᠯᠭ᠎ᠠ ᠶᠢ ᠲᠦᠭᠡᠮᠡᠯᠵᠢᠭᠦᠯᠵᠦ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠵᠠᠯᠢᠬᠠᠢ ᠶᠢ ᠡᠰᠡᠷᠭᠦᠴᠡᠨ ᠲᠠᠩᠨᠠᠭᠤᠯ ᠢ ᠰᠡᠷᠭᠡᠶᠢᠯᠡᠬᠦ ᠤᠬᠠᠮᠰᠠᠷ ᠢ    ᠴᠢᠩᠭᠠᠳᠬᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠨᠡᠶᠢᠭᠡᠮ ᠤᠨ ᠬᠠᠮᠲᠤ ᠶᠢᠨ ᠲᠠᠨᠢᠯᠲᠠ ᠲᠠᠢ ᠪᠣᠯᠬᠤ ᠶᠢ ᠠᠬᠢᠭᠤᠯᠪᠠ᠃    ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠲᠢᠶᠠᠨ ᠫᠧᠩ ᠹᠸᠢ ᠬᠠᠤᠯᠢ ᠪᠤᠰᠤ ᠱᠠᠰᠢᠨ ᠰᠤᠷᠲᠠᠬᠤᠨ᠂ ᠭᠠᠵᠢᠭᠤ ᠨᠣᠮᠯᠠᠯ ᠤᠨ ᠨᠡᠪᠴᠢᠯᠲᠡ ᠶᠢᠨ ᠠᠵᠢᠯᠯᠠᠭ᠎ᠠ ᠳᠤ ᠪᠦᠬᠦ ᠲᠠᠯ᠎ᠠ ᠪᠠᠷ ᠬᠠᠤᠯᠢ ᠶᠣᠰᠣᠭᠠᠷ ᠴᠣᠬᠢᠯᠲᠠ ᠥᠭᠴᠦ᠂ ᠪᠦᠬᠦ ᠰᠢᠶᠠᠩ ᠤᠨ ᠡᠮᠬᠢ ᠳᠢᠭᠯᠢᠮ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠬᠠᠮᠠᠭᠠᠯᠠᠵᠤ᠂ ᠠᠮᠤᠷ ᠲᠦᠪᠰᠢᠨ ᠤ ᠠᠵᠢᠯ ᠤᠨ ᠲᠦᠷᠢᠮ ᠢ ᠪᠠᠶᠢᠭᠤᠯᠤᠨ     ᠪᠦᠷᠢᠨᠰᠢᠬᠦᠯᠵᠦ᠂ ᠰᠡᠷᠭᠡᠶᠢᠯᠡᠨ ᠡᠵᠡᠮᠳᠡᠬᠦ ᠬᠦᠴᠦᠨ ᠢᠶᠠᠨ ᠨᠡᠮᠡᠭᠳᠡᠭᠦᠯᠵᠦ᠂ ᠤᠯᠤᠰ ᠤᠨ ᠠᠮᠤᠷ ᠲᠦᠪᠰᠢᠨ ᠤ ᠬᠥᠮᠦᠵᠢᠯ᠂ ᠰᠦᠷᠳᠡᠭᠦᠯᠦᠯ ᠢ ᠰᠡᠷᠭᠡᠶᠢᠯᠡᠬᠦ᠂ ᠰᠦᠷᠳᠡᠭᠦᠯᠦᠯ ᠢ ᠰᠡᠷᠭᠡᠶᠢᠯᠡᠬᠦ᠂ ᠭᠠᠵᠢᠭᠤ ᠨᠣᠮᠯᠠᠯ ᠢ ᠡᠰᠡᠷᠭᠦᠴᠡᠬᠦ᠂ ᠰᠦᠯᠵᠢᠶᠡᠨ ᠤ ᠠᠮᠤᠷ ᠲᠦᠪᠰᠢᠨ᠂ ᠮᠡᠬᠡᠯᠡᠯ ᠢ ᠡᠰᠡᠷᠭᠦᠴᠡᠬᠦ᠂ ᠬᠠᠷᠢᠶ᠎ᠠ ᠣᠷᠣᠨ ᠤ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠵᠡᠷᠭᠡ ᠠᠵᠢᠯ ᠳᠤ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠬᠢᠵᠦ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠪᠡᠯ ᠰᠤᠳᠤᠯᠤᠨ ᠮᠠᠭᠠᠳᠯᠠᠬᠤ ᠶᠢᠨ ᠬᠠᠮᠲᠤ ᠴᠠᠭ ᠲᠤᠬᠠᠢ ᠳᠤᠨᠢ ᠰᠢᠢᠳᠪᠦᠷᠢᠯᠡᠵᠦ᠂ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠬᠤᠬᠢᠷᠠᠭᠤᠯᠵᠤ᠂ ᠤᠯᠤᠰ ᠤᠨ ᠠᠮᠤᠷ ᠲᠦᠪᠰᠢᠨ ᠤ ᠦᠢᠯᠡ ᠠᠵᠢᠯᠯᠠᠭ᠎ᠠ ᠳᠤ ᠥᠴᠦᠬᠡᠨ ᠴᠦ ᠠᠭᠤᠴᠢᠯᠠᠬᠤ ᠦᠭᠡᠢ ᠵᠠᠷᠴᠢᠮ ᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠲᠠᠷᠠᠭᠠᠴᠢ ᠶᠢᠨ ᠠᠯᠬᠤᠮ ᠳᠤ᠂ ᠮᠠᠨ ᠤ ᠰᠢᠶᠠᠩ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾᠂ ︽ᠭᠠᠵᠢᠭᠤ ᠨᠣᠮᠯᠠᠯ ᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ︾ ᠵᠡᠷᠭᠡ ᠠᠵᠢᠯᠯᠠᠭ᠎ᠠ ᠶᠢᠨ ᠲᠠᠪᠴᠠᠩ ᠳᠤ ᠲᠦᠰᠢᠭᠯᠡᠨ᠂ ᠨᠡᠶᠢᠭᠡᠮ ᠤᠨ ᠲᠠᠯ᠎ᠠ ᠶᠢᠨ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ ᠣᠯᠠᠨ ᠤ ᠭᠠᠵᠢᠭᠤ ᠨᠣᠮᠯᠠᠯ ᠢ ᠲᠠᠨᠢᠵᠤ ᠭᠠᠵᠢᠭᠤ ᠨᠣᠮᠯᠠᠯ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠭᠠᠵᠢᠭᠤ ᠨᠣᠮᠯᠠᠯ ᠢ ᠡᠰᠡᠷᠭᠦᠴᠡᠬᠦ ᠨᠡᠶᠢᠭᠡᠮ ᠤᠨ ᠬᠥᠷᠥᠰᠥ ᠰᠢᠷᠣᠶ ᠶᠢ ᠵᠤᠵᠠᠭᠠᠳᠬᠠᠵᠤ᠂ ᠤᠬᠠᠭᠤᠯᠭ᠎ᠠ ᠶᠢᠨ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠶᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠪᠠᠶᠢᠭᠤᠯᠤᠯᠲᠠ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠲᠠᠢ ᠤᠶᠠᠯᠳᠤᠭᠤᠯᠤᠨ᠂ ᠰᠦᠯᠵᠢᠶᠡᠨ ᠳᠡᠭᠡᠷᠡᠬᠢ ᠬᠥᠮᠦᠵᠢᠯ ᠪᠠ ᠰᠦᠯᠵᠢᠶᠡᠨ ᠭᠠᠳᠠᠨᠠᠬᠢ ᠬᠥᠮᠦᠵᠢᠯ ᠢ ᠤᠶᠠᠯᠳᠤᠭᠤᠯᠵᠤ᠂ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠰᠢᠨ᠎ᠡ ᠶᠢ ᠡᠭᠦᠳᠬᠦ ᠴᠢᠨᠠᠷ ᠪᠠ ᠴᠠᠭ ᠬᠤᠭᠤᠴᠠᠭᠠᠲᠤ ᠴᠢᠨᠠᠷ ᠢ ᠲᠠᠰᠤᠷᠠᠯᠲᠠ ᠥᠬᠡᠶ ᠴᠢᠩᠭᠠᠳᠬᠠᠨ᠎ᠠ᠃ ᠪᠦᠬᠦ ᠰᠢᠶᠠᠩ ᠤᠨ ᠦᠨᠳᠦᠰᠦᠲᠡᠨ ᠱᠠᠰᠢᠨ ᠰᠤᠷᠲᠠᠬᠤᠨ᠂ ᠠᠮᠤᠷ ᠲᠦᠪᠰᠢᠨ ᠤ ᠬᠥᠮᠦᠵᠢᠯ ᠤᠨ ᠦᠢᠯᠡᠰ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠤᠯᠤᠰ ᠤᠨ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠣᠷᠣᠯᠴᠠᠬᠤ᠂ ᠬᠥᠮᠦᠨ ᠪᠦᠬᠦᠨ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠦᠨᠡᠨ ᠬᠦ ᠪᠡᠶᠡᠯᠡᠭᠦᠯᠬᠦ ᠬᠡᠷᠡᠭᠲᠡᠢ᠃    ᠲᠤᠬᠠᠢ ᠶᠢᠨ ᠲᠠᠯᠠᠪᠤᠷ ᠤᠨ ᠤᠯᠠᠨ ᠲᠦᠮᠡᠨ ᠨᠢ᠄ ︽ᠤᠯᠤᠰ ᠤᠨ ᠶᠠᠪᠤᠳᠠᠯ ᠪᠣᠯ ᠮᠢᠩᠭᠠᠨ ᠲᠦᠮᠡᠨ ᠭᠡᠷ᠂ ᠤᠯᠤᠰ ᠤᠨ ᠠᠮᠤᠷ ᠲᠦᠪᠰᠢᠨ ᠪᠣᠯ ᠰᠠᠶ᠋ᠢ ᠤᠯᠤᠰ ᠣᠷᠣᠨ ᠢᠶᠠᠨ ᠲᠦᠪᠰᠢᠳᠬᠡᠬᠦ ᠴᠢᠬᠤᠯᠠ ᠰᠠᠭᠤᠷᠢ ᠮᠥᠨ᠂ ᠤᠯᠤᠰ ᠤᠨ ᠠᠮᠤᠷ ᠲᠦᠪᠰᠢᠨ ᠪᠣᠯ ᠠᠯᠢᠪᠠ ᠪᠦᠬᠦᠨ ᠠᠷᠠᠳ ᠲᠦᠮᠡᠨ ᠤ ᠲᠥᠯᠥᠭᠡ ᠶᠤᠮ᠂ ᠠᠯᠢᠪᠠ ᠪᠦᠬᠦᠨ ᠠᠷᠠᠳ ᠲᠦᠮᠡᠨ ᠢ ᠲᠦᠰᠢᠭᠯᠡᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠦᠬᠦ ᠠᠷᠠᠳ ᠤᠨ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠮᠲᠤ ᠶᠢᠨ ᠬᠠᠷᠢᠭᠤᠴᠠᠯᠭ᠎ᠠ ᠶᠢ ᠡᠭᠦᠷᠭᠡᠯᠡᠪᠡᠯ ᠵᠣᠬᠢᠨ᠎ᠠ︾ ᠭᠡᠪᠡ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2