4 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠲᠦᠨ ᠺᠧᠨ | ᠳ᠋ᠦᠢ ᠪᠠᠯᠭᠠᠰᠤ᠂ ᠪᠣᠷᠦᠬᠤᠵᠢᠷ ᠰᠢᠶᠠᠩ᠂ ᠱᠢ ᠪᠠ ᠴᠢᠩ ᠪᠠᠯᠭᠠᠰᠤ᠂ ᠶᠡᠭᠡ ᠬᠠᠰᠢᠶᠠᠲᠦ ᠪᠠᠯᠭᠠᠰᠤ᠂ ᠰᠢᠶᠤᠤ ᠬᠠᠢ | ᠽᠢ ᠪᠠᠯᠭᠠᠰᠤ ᠪᠣᠯᠤᠨ ᠴᠢ ᠲᠠᠢ ᠪᠠᠯᠭᠠᠰᠤᠨ ᠤ ᠬᠡᠰᠡᠭ ᠲᠣᠰᠬᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠴᠢ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃ | ᠰᠢᠶᠠᠨ ᠤ ᠤᠳᠤᠷᠢᠳᠤᠯᠭ᠎ᠠ ᠯᠢ ᠶᠠ ᠳ᠋ᠦᠩ᠂ ᠵᠠᠩ ᠭᠤᠸᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠣᠷᠣᠯᠴᠠᠪᠠ᠃ | ᠬᠦᠷᠦᠭᠰᠡᠨ ᠭᠠᠵᠠᠷ ᠪᠣᠯᠭᠠᠨ ᠳᠤ᠂ ᠭᠤᠤ ᠶᠦᠩ ᠪᠢᠨ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ᠂ ᠲᠠᠷᠢᠮᠠᠯ ᠤᠨ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠦᠯᠡᠳᠡᠭᠳᠡᠯ | ᠪᠦᠷᠬᠦᠪᠴᠢ ᠶᠢ ᠬᠤᠷᠢᠶᠠᠨ ᠠᠪᠬᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ | ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠶᠠᠷᠢᠯᠴᠠᠨ ᠰᠣᠯᠢᠯᠴᠠᠬᠤ ᠪᠠᠷ ᠳᠠᠮᠵᠢᠭᠤᠯᠤᠨ ᠵᠢᠯᠣᠭᠤᠳᠬᠤ ᠰᠠᠨᠠᠯ | ᠳᠤᠷᠠᠳᠬᠤ ᠶᠢᠨ ᠬᠠᠮᠲᠤ ᠲᠥᠮᠥᠰᠥ ᠶᠢᠨ ᠠᠵᠤ ᠦᠢᠯᠡᠰ ᠤᠨ ᠶᠡᠭᠡ ᠬᠤᠷᠠᠯ ᠵᠡᠷᠭᠡ ᠬᠤᠯᠪᠣᠭᠳᠠᠯ ᠪᠦᠬᠦᠢ ᠤᠴᠢᠷ | ᠶᠠᠪᠤᠳᠠᠯ ᠢ ᠰᠤᠳᠤᠯᠤᠨ ᠪᠠᠶᠢᠷᠢᠯᠠᠭᠤᠯᠪᠠ᠃ | ᠭᠤᠤ ᠶᠦᠩ ᠪᠢᠨ᠂ ᠡᠯ᠎ᠡ ᠰᠢᠶᠠᠩ ᠪᠠᠯᠭᠠᠰᠤ᠂ ᠲᠣᠰᠬᠤᠨ ᠤ ᠬᠢᠨ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ | ᠲᠤᠰ ᠪᠡᠶ᠎ᠡ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠠᠷᠢᠮᠠᠯ | ᠲᠡᠵᠢᠭᠡᠪᠦᠷᠢ ᠶᠢᠨ ᠦᠢᠯᠡᠰ ᠵᠢᠴᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠬᠦᠳᠦᠯᠦᠨ | ᠵᠢᠯᠣᠭᠤᠳᠴᠤ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠥᠷᠭᠡᠨ ᠤᠯᠠᠨ ᠲᠠᠷᠢᠮᠠᠯ ᠤᠨ | ᠡᠷᠦᠬᠡ ᠶᠢ ᠬᠦᠳᠦᠯᠦᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠲᠠᠨᠢᠯᠲᠠ ᠶᠢ ᠨᠢ ᠳᠡᠭᠡᠭᠰᠢᠯᠡᠭᠦᠯᠵᠦ᠂ ᠰᠦᠯᠢᠶᠣᠣ | ᠪᠦᠷᠬᠦᠪᠴᠢ ᠶᠢ ᠡᠭᠡᠭᠦᠯᠦᠨ ᠬᠤᠷᠢᠶᠠᠬᠤ ᠳᠤ ᠢᠳᠡᠪᠬᠢᠲᠡᠢ ᠣᠷᠣᠯᠴᠠᠭᠤᠯᠵᠤ᠂ ᠰᠦᠯᠢᠶᠣᠣ ᠪᠦᠷᠬᠦᠪᠴᠢ ᠶᠢ ᠡᠭᠡᠭᠦᠯᠦᠨ | ᠬᠤᠷᠢᠶᠠᠬᠤ ᠠᠵᠢᠯ ᠤᠨ ᠲᠦᠪᠰᠢᠨ ᠢ ᠳᠡᠭᠡᠭᠰᠢᠯᠡᠭᠦᠯᠵᠦ᠂ ᠰᠦᠯᠢᠶᠣᠣ ᠪᠦᠷᠬᠦᠪᠴᠢ ᠶᠢ ᠵᠠᠰᠠᠬᠤ ᠲᠦᠪᠰᠢᠨ ᠢ | ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠪᠣᠬᠢᠷᠲᠤᠯ | ᠦᠭᠡᠢ ᠡᠷᠡᠭᠦᠯ ᠢᠶᠠᠷ ᠬᠥᠭᠵᠢᠬᠦ ᠶᠢ ᠦᠨᠡᠨᠬᠦ ᠠᠬᠢᠭᠤᠯᠬᠤ ᠬᠡᠷᠡᠭᠲᠡᠢ᠂ ᠶᠠᠳᠠᠭᠤ ᠠᠴᠠ ᠠᠩᠭᠢᠵᠢᠷᠠᠭᠰᠠᠨ ᠬᠥᠮᠦᠨ | ᠠᠮᠠ ᠶᠢᠨ ᠣᠷᠣᠯᠭ᠎ᠠ ᠶᠢ ᠨᠡᠮᠡᠭᠳᠡᠭᠦᠯᠬᠦ ᠠᠵᠢᠯ ᠤᠨ ᠴᠢᠬᠤᠯᠠ ᠴᠢᠨᠠᠷ ᠪᠣᠯᠤᠨ ᠣᠳᠣᠬᠠᠨ ᠳᠤ ᠲᠤᠯᠭᠠᠷᠠᠵᠤ ᠪᠠᠶᠢᠭ᠎ᠠ | ᠠᠰᠠᠭᠤᠳᠠᠯ ᠢ ᠭᠦᠢᠴᠡᠳ ᠲᠠᠨᠢᠵᠤ᠂ ᠭᠤᠣᠯᠳᠠᠯᠭ᠎ᠠ ᠲᠠᠢ ᠬᠠᠮᠲᠤᠯᠢᠭ ᠢ ᠴᠢᠩᠭ᠎ᠠ ᠠᠩᠬᠠᠷᠴᠤ᠂ ᠣᠷᠣᠯᠭ᠎ᠠ ᠪᠠᠭᠠᠲᠠᠶ | ᠬᠠᠮᠲᠤᠯᠢᠭ ᠢ ᠴᠢᠩᠭ᠎ᠠ ᠠᠩᠬᠠᠷᠴᠤ᠂ ᠭᠡᠷ ᠪᠦᠯᠢ ᠶᠢᠨ ᠣᠨᠴᠠᠯᠢᠭ ᠪᠣᠯᠤᠨ ᠣᠷᠣᠯᠭ᠎ᠠ ᠶᠢᠨ ᠪᠠᠶᠢᠳᠠᠯ ᠲᠠᠢ | ᠤᠶᠠᠯᠳᠤᠭᠤᠯᠵᠤ᠂ ︽ᠨᠢᠭᠡ ᠡᠷᠦᠬᠡ ᠳᠤ ᠨᠢᠭᠡ ᠠᠷᠭ᠎ᠠ ᠪᠤᠳᠤᠯᠭ᠎ᠠ︾ ᠲᠠᠢ ᠤᠶᠠᠯᠳᠤᠭᠤᠯᠤᠨ ᠬᠠᠪᠰᠤᠷᠤᠨ ᠲᠡᠳᠬᠦᠬᠦ | ᠠᠷᠭ᠎ᠠ ᠬᠡᠮᠵᠢᠶ᠎ᠡ ᠶᠢ ᠲᠣᠭᠲᠠᠭᠠᠵᠤ᠂ ᠬᠥᠳᠡᠭᠡ ᠲᠣᠰᠬᠤᠨ ᠤ ᠠᠵᠤ ᠦᠢᠯᠡᠰ ᠢ ᠦᠷᠭᠦᠯᠵᠢᠯᠡᠨ ᠪᠠᠬᠢᠵᠢᠭᠦᠯᠵᠦ᠂ ᠠᠵᠤ | ᠦᠢᠯᠡᠰ ᠤᠨ ᠪᠦᠷᠬᠦᠴᠡ ᠶᠢ ᠥᠷᠭᠡᠳᠬᠡᠵᠦ᠂ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠠᠷᠭ᠎ᠠ ᠵᠠᠮ ᠢ | ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠪᠣᠯᠤᠨ | ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ | ᠲᠠᠯ᠎ᠠ ᠪᠠᠷ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠬᠡᠯᠡᠪᠡ᠃ | | | | ᠣᠷᠴᠢᠭᠤᠯᠣᠭᠴᠢ ᠄ ᠬᠠᠨᠠᠭᠠᠷ | ᠬᠢᠨᠠᠭᠴᠢ᠄ ᠬᠠᠨᠠᠭᠠᠷ |