ᠭᠤᠤ ᠶᠦᠩ ᠪᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/18
   4 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠲᠦᠨ ᠺᠧᠨ ᠳ᠋ᠦᠢ ᠪᠠᠯᠭᠠᠰᠤ᠂ ᠪᠣᠷᠦᠬᠤᠵᠢᠷ ᠰᠢᠶᠠᠩ᠂ ᠱᠢ ᠪᠠ ᠴᠢᠩ ᠪᠠᠯᠭᠠᠰᠤ᠂ ᠶᠡᠭᠡ ᠬᠠᠰᠢᠶᠠᠲᠦ ᠪᠠᠯᠭᠠᠰᠤ᠂ ᠰᠢᠶᠤᠤ ᠬᠠᠢ ᠽᠢ ᠪᠠᠯᠭᠠᠰᠤ ᠪᠣᠯᠤᠨ ᠴᠢ ᠲᠠᠢ ᠪᠠᠯᠭᠠᠰᠤᠨ ᠤ ᠬᠡᠰᠡᠭ ᠲᠣᠰᠬᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃ ᠰᠢᠶᠠᠨ ᠤ ᠤᠳᠤᠷᠢᠳᠤᠯᠭ᠎ᠠ ᠯᠢ ᠶᠠ ᠳ᠋ᠦᠩ᠂ ᠵᠠᠩ ᠭᠤᠸᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃    ᠬᠦᠷᠦᠭᠰᠡᠨ ᠭᠠᠵᠠᠷ ᠪᠣᠯᠭᠠᠨ ᠳᠤ᠂ ᠭᠤᠤ ᠶᠦᠩ ᠪᠢᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ᠂ ᠲᠠᠷᠢᠮᠠᠯ ᠤᠨ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠶᠠᠷᠢᠯᠴᠠᠨ ᠰᠣᠯᠢᠯᠴᠠᠬᠤ ᠪᠠᠷ ᠳᠠᠮᠵᠢᠭᠤᠯᠤᠨ ᠵᠢᠯᠣᠭᠤᠳᠬᠤ ᠰᠠᠨᠠᠯ ᠳᠤᠷᠠᠳᠬᠤ ᠶᠢᠨ ᠬᠠᠮᠲᠤ ᠲᠥᠮᠥᠰᠥ ᠶᠢᠨ ᠠᠵᠤ ᠦᠢᠯᠡᠰ ᠤᠨ ᠶᠡᠭᠡ ᠬᠤᠷᠠᠯ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃    ᠭᠤᠤ ᠶᠦᠩ ᠪᠢᠨ᠂ ᠡᠯ᠎ᠡ ᠰᠢᠶᠠᠩ ᠪᠠᠯᠭᠠᠰᠤ᠂ ᠲᠣᠰᠬᠤᠨ ᠤ ᠬᠢᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠤᠰ ᠪᠡᠶ᠎ᠡ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠠᠷᠢᠮᠠᠯ ᠲᠡᠵᠢᠭᠡᠪᠦᠷᠢ ᠶᠢᠨ ᠦᠢᠯᠡᠰ ᠵᠢᠴᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠬᠦᠳᠦᠯᠦᠨ ᠵᠢᠯᠣᠭᠤᠳᠴᠤ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠥᠷᠭᠡᠨ ᠤᠯᠠᠨ ᠲᠠᠷᠢᠮᠠᠯ ᠤᠨ ᠡᠷᠦᠬᠡ ᠶᠢ ᠬᠦᠳᠦᠯᠦᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠲᠠᠨᠢᠯᠲᠠ ᠶᠢ ᠨᠢ ᠳᠡᠭᠡᠭᠰᠢᠯᠡᠭᠦᠯᠵᠦ᠂ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠳᠤ ᠢᠳᠡᠪᠬᠢᠲᠡᠢ ᠣᠷᠣᠯᠴᠠᠭᠤᠯᠵᠤ᠂ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠠᠵᠢᠯ ᠤᠨ ᠲᠦᠪᠰᠢᠨ ᠢ ᠳᠡᠭᠡᠭᠰᠢᠯᠡᠭᠦᠯᠵᠦ᠂ ᠰᠦᠯᠢᠶᠣᠣ ᠪᠦᠷᠬᠦᠪᠴᠢ ᠶᠢ ᠵᠠᠰᠠᠬᠤ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠪᠣᠬᠢᠷᠲᠤᠯ ᠦᠭᠡᠢ ᠡᠷᠡᠭᠦᠯ ᠢᠶᠠᠷ ᠬᠥᠭᠵᠢᠬᠦ ᠶᠢ ᠦᠨᠡᠨᠬᠦ ᠠᠬᠢᠭᠤᠯᠬᠤ ᠬᠡᠷᠡᠭᠲᠡᠢ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ ᠠᠵᠢᠯ ᠤᠨ ᠴᠢᠬᠤᠯᠠ ᠴᠢᠨᠠᠷ ᠪᠣᠯᠤᠨ ᠣᠳᠣᠬᠠᠨ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠭᠦᠢᠴᠡᠳ ᠲᠠᠨᠢᠵᠤ᠂ ᠭᠤᠣᠯᠳᠠᠯᠭ᠎ᠠ ᠲᠠᠢ ᠬᠠᠮᠲᠤᠯᠢᠭ ᠢ ᠴᠢᠩᠭ᠎ᠠ ᠠᠩᠬᠠᠷᠴᠤ᠂ ᠣᠷᠣᠯᠭ᠎ᠠ ᠪᠠᠭᠠᠲᠠᠶ ᠬᠠᠮᠲᠤᠯᠢᠭ ᠢ ᠴᠢᠩᠭ᠎ᠠ ᠠᠩᠬᠠᠷᠴᠤ᠂ ᠭᠡᠷ ᠪᠦᠯᠢ ᠶᠢᠨ ᠣᠨᠴᠠᠯᠢᠭ ᠪᠣᠯᠤᠨ ᠣᠷᠣᠯᠭ᠎ᠠ ᠶᠢᠨ ᠪᠠᠶᠢᠳᠠᠯ ᠲᠠᠢ ᠤᠶᠠᠯᠳᠤᠭᠤᠯᠵᠤ᠂ ︽ᠨᠢᠭᠡ ᠡᠷᠦᠬᠡ ᠳᠤ ᠨᠢᠭᠡ ᠠᠷᠭ᠎ᠠ ᠪᠤᠳᠤᠯᠭ᠎ᠠ︾ ᠲᠠᠢ ᠤᠶᠠᠯᠳᠤᠭᠤᠯᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠬᠥᠳᠡᠭᠡ ᠲᠣᠰᠬᠤᠨ ᠤ ᠠᠵᠤ ᠦᠢᠯᠡᠰ ᠢ ᠦᠷᠭᠦᠯᠵᠢᠯᠡᠨ ᠪᠠᠬᠢᠵᠢᠭᠦᠯᠵᠦ᠂ ᠠᠵᠤ ᠦᠢᠯᠡᠰ ᠤᠨ ᠪᠦᠷᠬᠦᠴᠡ ᠶᠢ ᠥᠷᠭᠡᠳᠬᠡᠵᠦ᠂ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠠᠷᠭ᠎ᠠ ᠵᠠᠮ ᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠪᠣᠯᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠬᠡᠯᠡᠪᠡ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2