ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠭᠦᠸᠧ ᠸᠧᠨ ᠰᠠᠨ ᠳ᠋ᠠ ᠴᠢᠩ ᠰᠢᠶᠠᠩ ᠳᠤ ᠠᠷᠠᠳ ᠤᠨ ᠶᠠᠪᠤᠳᠠᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/19
  4 ᠰᠠᠷ᠎ᠠ ᠶᠢᠨ 17 ᠤ ᠡᠳᠦᠷ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠭᠦᠸᠧ ᠸᠧᠨ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠯᠢᠦ ᠶᠠᠩ ᠰᠠᠨ ᠳ᠋ᠠ ᠴᠢᠩ ᠰᠢᠶᠠᠩ ᠳᠤ ᠬᠦᠷᠴᠦ ᠠᠷᠠᠳ ᠤᠨ ᠶᠠᠪᠤᠳᠠᠯ ᠤᠨ ᠠᠵᠢᠯ ᠢ ᠪᠠᠶᠢᠴᠠᠭᠠᠨ ᠰᠤᠳᠤᠯᠵᠤ᠂ ᠶᠠᠷᠢᠯᠴᠠᠬᠤ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ᠰᠠᠨ ᠳ᠋ᠠ ᠴᠢᠩ ᠰᠢᠶᠠᠩ ᠤᠨ ᠵᠣᠯ ᠵᠢᠷᠭᠠᠯ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ᠂ ᠡᠵᠡᠩᠨᠡᠯᠲᠡ ᠶᠢᠨ ᠪᠠᠶᠢᠳᠠᠯ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠠᠵᠢᠯ ᠥᠷᠨᠢᠭᠦᠯᠦᠭᠰᠡᠨ ᠪᠠᠶᠢᠳᠠᠯ ᠢ ᠣᠶᠢᠯᠠᠭᠠᠵᠤ᠂ ᠰᠠᠨ ᠳ᠋ᠠ ᠴᠢᠩ ᠰᠢᠶᠠᠩ ᠤᠨ ᠠᠷᠠᠳ ᠤᠨ ᠶᠠᠪᠤᠳᠠᠯ ᠤᠨ ᠠᠵᠢᠯ ᠢ ᠪᠡᠶᠡᠯᠡᠭᠦᠯᠦᠭᠰᠡᠨ ᠪᠠᠶᠢᠳᠠᠯ᠂ ᠥᠪᠡᠷᠮᠢᠴᠡ ᠣᠨᠴᠠᠯᠢᠭ ᠪᠥᠬᠦᠶ ᠬᠢᠯᠠᠰ ᠴᠡᠭ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠰᠣᠨᠣᠰᠤᠭᠰᠠᠨ ᠪᠥᠭᠡᠳ ᠰᠠᠨ ᠳ᠋ᠠ ᠴᠢᠩ ᠰᠢᠶᠠᠩ ᠤᠨ 2024 ᠣᠨ ᠤ ᠠᠷᠠᠳ ᠤᠨ ᠶᠠᠪᠤᠳᠠᠯ ᠤᠨ ᠭᠤᠤᠯᠳᠠᠯᠭ᠎ᠠ ᠲᠠᠢ ᠠᠵᠢᠯ ᠳᠤ ᠵᠢᠯᠣᠭᠤᠳᠣᠯᠭ᠎ᠠ ᠬᠢᠪᠠ᠃    ᠬᠤᠷᠠᠯ ᠳᠡᠭᠡᠷ᠎ᠡ ᠵᠤᠤ ᠭᠦᠸᠧ ᠸᠧᠨ᠂ ᠠᠷᠠᠳ ᠤᠨ ᠶᠠᠪᠤᠳᠠᠯ ᠤᠨ ᠠᠵᠢᠯ ᠨᠢ ᠠᠷᠠᠳ ᠤᠨ ᠠᠮᠢᠳᠤᠷᠠᠯ ᠲᠠᠢ ᠬᠤᠯᠪᠣᠭᠳᠠᠵᠤ᠂ ᠠᠷᠠᠳ ᠤᠨ ᠰᠡᠳᠬᠢᠯ ᠲᠠᠢ ᠬᠤᠯᠪᠣᠭᠳᠠᠵᠤ ᠪᠠᠶᠢᠳᠠᠭ᠂ ᠡᠨᠡ ᠪᠣᠯ ᠨᠡᠶᠢᠭᠡᠮ ᠤᠨ ᠪᠠᠶᠢᠭᠤᠯᠤᠯᠲᠠ ᠶᠢᠨ ᠦᠨᠳᠦᠰᠦᠨ ᠵᠦᠢᠯ ᠢ ᠪᠠᠲᠤᠯᠠᠬᠤ ᠴᠢᠨᠠᠷᠲᠠᠢ᠂ ᠰᠠᠭᠤᠷᠢ ᠴᠢᠨᠠᠷᠲᠠᠢ ᠠᠵᠢᠯ ᠪᠣᠯᠤᠨ᠎ᠠ᠃ ᠨᠢᠭᠡ ᠳᠤ᠂ ᠵᠣᠯ ᠵᠢᠷᠭᠠᠯ ᠤᠨ ᠬᠦᠷᠢᠶᠡᠯᠡᠩ ᠤᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠶᠠᠩᠵᠤ ᠶᠢᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ᠂ ᠬᠤᠶᠠᠷ ᠲᠤ ᠨᠠᠰᠤᠲᠠᠶᠢᠴᠤᠳ ᠤᠨ ᠦᠢᠯᠡᠴᠢᠯᠡᠭᠡᠨ ᠤ ᠦᠷᠭᠦᠯᠵᠢᠯᠡᠨ ᠡᠵᠡᠩᠨᠡᠬᠦ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠭᠤᠷᠪᠠ ᠳᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨ ᠬᠦ ᠰᠠᠶᠢᠲᠤᠷ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠷ ᠠᠷᠠᠳ ᠤᠨ ᠶᠠᠪᠤᠳᠠᠯ ᠤᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠷ ᠠᠷᠠᠳ ᠤᠨ ᠶᠠᠪᠤᠳᠠᠯ ᠤᠨ ᠠᠵᠢᠯ ᠢ ᠰᠠᠶᠢᠲᠤᠷ ᠬᠢᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠵᠡᠷᠭᠡ ᠡᠭᠦᠷᠭᠡ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠬᠢᠷᠢ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠪᠦᠬᠦ ᠰᠢᠶᠠᠨ ᠤ ᠠᠷᠠᠳ ᠤᠨ ᠶᠠᠪᠤᠳᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ︕ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2