ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 9 ᠳ᠋ᠤᠭᠡᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ᠂ ᠰᠢᠶᠠᠨ ᠤ ᠨᠠᠮ ᠤᠨ ᠬᠤᠷᠢᠶᠠᠨ ᠤ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/19
  4 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 9 ᠳ᠋ᠤᠭᠡᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ᠂ ᠰᠢᠶᠠᠨ ᠤ ᠨᠠᠮ ᠤᠨ ᠬᠤᠷᠢᠶᠠᠨ ᠤ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠦᠸᠧ ᠱᠸᠤ ᠢᠦᠶ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠢᠦᠶ ᠭᠤᠸᠠᠩ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠢᠶᠠᠨ ᠤ ᠳᠡᠳ᠋ ᠳᠠᠷᠤᠭ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠤᠯ ᠬᠠᠷᠢᠭᠤᠴᠠᠯᠭᠠᠲᠠᠨ ᠨᠥᠬᠦᠳ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃    ᠬᠤᠷᠠᠯ ᠠᠴᠠ ᠡᠮᠦᠨ᠎ᠡ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ︾ ᠶᠢ ᠰᠤᠷᠤᠯᠴᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠣᠭᠤᠰᠢᠯᠠᠭᠤᠯᠵᠣ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠬᠥᠭᠵᠢᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠣᠭᠤᠭᠠᠷᠠᠭᠤᠯᠤᠯᠲᠠ ᠶᠢ ᠬᠠᠮᠢᠶᠠᠷᠴᠤ ᠬᠠᠮᠠᠭᠠᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠵᠦ᠂ ᠬᠢᠯᠪᠠᠷ ᠪᠤᠰᠤ ᠪᠠᠷ ᠣᠯᠤᠭᠰᠠᠨ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠰᠠᠬᠢᠨ ᠬᠠᠮᠠᠭᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠲᠣᠭᠲᠠᠭᠰᠠᠨ ᠡᠭᠦᠷᠭᠡ ᠬᠠᠷᠠᠯᠲᠠ ᠶᠣᠰᠣᠭᠠᠷ᠂ ᠱᠠᠩᠳᠤ ᠰᠢᠶᠠᠨ ᠤ ᠳᠠᠪᠠᠭᠤᠯᠢᠭ ᠤᠨᠴᠠᠯᠢᠬᠳᠤ ᠭᠤᠣᠯᠯᠠᠬᠤ ᠠᠵᠤ ᠦᠢᠯᠡᠰ ᠤᠨ ᠲᠣᠭᠤᠷᠢᠨ ᠳᠤ ᠰᠠᠨᠠᠭᠠᠴᠢᠯᠠᠭ᠎ᠠ ᠠᠴᠠ ᠪᠠᠨ ᠳᠠᠭᠠᠷᠢᠯᠲᠠ ᠬᠢᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠢᠩᠭ᠎ᠠ ᠬᠠᠮᠢᠶᠠᠷᠤᠨ ᠡᠵᠡᠮᠳᠡᠵᠦ᠂ ︽ᠰᠢᠳᠦ ᠤᠷᠭᠤᠭᠤᠯᠬᠤ︾ ᠲᠠᠷᠢᠶᠠᠨ ᠭᠠᠵᠠᠷ ᠢ ᠬᠠᠮᠠᠭᠠᠯᠠᠬᠤ ᠬᠠᠲᠠᠭᠤ ᠠᠷᠭ᠎ᠠ ᠪᠠᠷᠢᠯ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠴᠢᠩᠭ᠎ᠠ ᠰᠠᠬᠢᠬᠤ ᠬᠡᠷᠡᠭᠲᠡᠢ᠃    ᠬᠤᠷᠠᠯ ᠠᠴᠠ᠂ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠨᠢ ᠳᠤᠮᠳᠠᠳᠤ ᠶᠢᠨ ᠦᠨᠳᠦᠰᠦᠲᠡᠨ ᠤ ᠭᠧᠨ ᠪᠠ ᠴᠢᠰᠤᠨ ᠰᠤᠳᠠᠰᠤ ᠶᠢ ᠠᠴᠢᠶᠠᠯᠠᠵᠤ ᠪᠠᠶᠢᠳᠠᠭ᠂ ᠡᠨᠡ ᠪᠣᠯ ᠳᠠᠬᠢᠨ ᠡᠭᠦᠰᠴᠦ ᠪᠣᠯᠤᠰᠢ ᠦᠭᠡᠢ᠂ ᠣᠷᠣᠯᠠᠵᠤ ᠪᠣᠯᠤᠰᠢ ᠦᠭᠡᠢ ᠳᠤᠮᠳᠠᠳᠤ ᠶᠢᠨ ᠰᠢᠯᠢᠳᠡᠭ ᠪᠣᠯᠪᠠᠰᠤᠨ ᠤ ᠡᠬᠢ ᠪᠠᠶᠠᠯᠢᠭ ᠮᠥᠨ᠃ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠳ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠤᠬᠠᠭᠤᠯᠵᠤ᠂ ᠰᠠᠶᠢᠲᠤᠷ ᠵᠢᠯᠣᠭᠤᠳᠴᠤ᠂ ᠱᠠᠩᠳᠤ ᠰᠢᠶᠠᠨ ᠤ ᠲᠣᠰ ᠭᠠᠵᠠᠷ ᠣᠷᠣᠨ ᠤ ᠰᠣᠶᠣᠯ ᠤᠨ ᠥᠯᠢᠭᠡᠷ ᠢ ᠰᠠᠶᠢᠲᠤᠷ ᠶᠠᠷᠢᠵᠤ᠂ ᠨᠠᠩ ᠣᠯᠠᠨ ᠬᠥᠮᠦᠨ ᠳᠤ ᠪᠣᠳᠠᠰ ᠤᠨ ᠪᠤᠰᠤ ᠰᠣᠶᠣᠯ ᠤᠨ ᠥᠪ ᠢ ᠣᠶᠢᠯᠠᠭᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠣᠶᠢᠯᠠᠭᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯᠴᠢ ᠴᠢᠨᠠᠷᠲᠠᠶ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠪᠡᠶᠡᠯᠡᠭᠦᠯᠬᠦ ᠬᠡᠷᠡᠭᠲᠡᠶ᠃ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠵᠢᠯ ᠤᠨ ᠡᠭᠦᠷᠭᠡ ᠪᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠵᠦ᠂ ᠬᠡᠯᠪᠠᠶᠢᠭᠦᠦ ᠬᠠᠨᠳᠤᠰᠢ ᠪᠠᠨ ᠴᠠᠭ ᠲᠤᠬᠠᠢ ᠳᠤᠨᠢ ᠵᠠᠯᠠᠷᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠤᠨ ᠰᠢᠶᠠᠨ ᠤ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠦᠲᠦᠮᠵᠢᠲᠡᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2