ᠰᠢᠶᠠᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠡᠪᠰᠡᠭᠲᠦ ᠬᠦᠴᠦᠨ ᠢ ᠨᠠᠮ ᠠᠴᠠ ᠬᠠᠮᠢᠶᠠᠷᠬᠤ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/19
  4 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠭᠤᠤ ᠶᠦᠩ ᠪᠢᠨ ᠰᠢᠶᠠᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠭᠤᠣᠯ ᠬᠠᠷᠢᠭᠤᠴᠠᠯᠭᠠᠲᠠᠨ ᠨᠥᠬᠦᠳ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠢᠶᠠᠨ ᠤ ᠳᠡᠳ᠋ ᠳᠠᠷᠤᠭ᠎ᠠ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠲᠤᠰᠬᠠᠢ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠲᠤᠰᠬᠠᠢ ᠵᠡᠪᠰᠡᠭᠲᠦ ᠬᠦᠴᠦᠨ ᠤ ᠠᠵᠢᠯᠳᠠᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠠᠩᠬᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ 2023 ᠣᠨ ᠤ ᠪᠦᠬᠦ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠪᠠᠶᠢᠳᠠᠯ ᠢ ᠳ᠋ᠦᠩᠨᠡᠵᠦ᠂ 2024 ᠣᠨ ᠤ ᠪᠦᠬᠦ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠠᠵᠢᠯ ᠢ ᠪᠠᠶᠢᠷᠢᠯᠠᠭᠤᠯᠪᠠ᠃ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠤᠬᠠᠢ ᠶᠢᠨ ᠲᠠᠯᠠᠪᠠᠢ ᠶᠢᠨ ᠲᠤᠰᠢᠶᠠᠯ ᠤᠨ ᠮᠡᠳᠡᠭᠦᠯᠦᠯᠲᠡ ᠪᠠ ᠪᠢᠴᠢᠭ ᠤᠨ ᠲᠤᠰᠢᠶᠠᠯ ᠤᠨ ᠮᠡᠳᠡᠭᠦᠯᠦᠯᠲᠡ ᠬᠢᠪᠡ᠃    ᠬᠤᠷᠠᠯ ᠠᠴᠠ᠂ ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠬᠦᠴᠦ ᠪᠠᠨ ᠲᠥᠪᠯᠡᠷᠡᠭᠦᠯᠦᠨ ᠪᠡᠶᠡᠯᠡᠭᠦᠯᠬᠦ ᠪᠣᠭᠤᠮᠲᠠ ᠰᠢᠪᠲᠤᠯᠬᠤ ᠵᠢᠯ ᠪᠣᠯᠤᠨ᠎ᠠ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠃ ᠪᠦᠬᠦ ᠰᠢᠶᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠪᠦᠬᠦ ᠲᠠᠯ᠎ᠠ ᠪᠠᠷ ᠲᠣᠭᠤᠰᠢᠯᠠᠭᠤᠯᠵᠣ᠂ ᠪᠦᠬᠦ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠲᠤᠷ ᠠᠭᠤᠰᠤᠯᠴᠠᠬᠤ ᠪᠠ ᠦᠢᠯᠡᠴᠢᠯᠡᠵᠦ᠂ ᠰᠢᠨ᠎ᠡ ᠴᠠᠭ ᠦᠶ᠎ᠡ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃    ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠭᠤᠣᠯᠯᠠᠭᠴᠢ ᠶᠢ ᠬᠠᠮᠠᠭᠠᠯᠠᠬᠤ᠂ ᠨᠠᠮ ᠤᠨ ᠵᠢᠯᠤᠭᠤᠳᠤᠯᠭ᠎ᠠ ᠶᠢ ᠳᠠᠭᠠᠬᠤ ᠡᠨᠡᠬᠦ ᠦᠨᠳᠦᠰᠦᠨ ᠵᠦᠢᠯ ᠢ ᠪᠠᠲᠤ ᠠᠳᠬᠤᠵᠤ᠂ ᠦᠵᠡᠯ ᠰᠠᠨᠠᠭᠠᠨ ᠤ ᠰᠠᠭᠤᠷᠢ ᠪᠠᠨ ᠪᠠᠬᠢᠵᠢᠭᠦᠯᠵᠦ᠂ ᠵᠡᠪᠰᠡᠭᠲᠦ ᠬᠦᠴᠦᠨ ᠢ ᠬᠠᠮᠢᠶᠠᠷᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠴᠢᠩᠭᠠᠳᠬᠠᠬᠤ ᠤᠯᠤᠰ ᠲᠦᠷᠦ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ︽ᠬᠠᠮ ᠨᠢᠳᠤᠷᠭ᠎ᠠ︾ ᠶᠢ ᠰᠠᠶᠢᠲᠤᠷ ᠬᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠᠨ ᠴᠢᠩᠭᠠᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠲᠠᠶᠢᠨ ᠳᠤ ᠪᠡᠯᠡᠳᠬᠡᠵᠦ ᠲᠠᠶᠢᠨ ᠬᠢᠬᠦ ᠪᠠᠷ ᠭᠤᠣᠯ ᠪᠣᠯᠭᠠᠭᠰᠠᠨ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠵᠢᠭᠠᠰᠤ ᠤᠰᠤᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠵᠠᠯᠭᠠᠮᠵᠢᠯᠠᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ︽ᠢᠵᠢᠯ ᠲᠥᠪᠲᠦ ᠲᠣᠭᠤᠷᠢᠭ︾ ᠢ ᠰᠠᠶᠢᠲᠤᠷ ᠵᠢᠷᠤᠵᠤ᠂ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ   ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠵᠤ᠂ ᠴᠡᠷᠢᠭ ᠠᠩᠬᠢ ᠶᠢᠨ ᠲᠠᠶᠢᠨ ᠤ ᠪᠡᠯᠡᠳᠬᠡᠯ ᠤᠨ ᠪᠣᠯᠪᠠᠰᠤᠷᠠᠯ᠂ ᠠᠵᠢᠯ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠳᠠᠷᠤᠭ᠎ᠠ ᠪᠠᠶᠢᠯᠳᠤᠭᠴᠢᠳ ᠲᠤ ᠪᠣᠳᠠᠲᠠᠢ ᠶᠠᠪᠤᠳᠠᠯ ᠬᠢᠵᠦ᠂ ᠬᠦᠴᠢᠷ ᠶᠠᠪᠤᠳᠠᠯ ᠢ ᠰᠢᠢᠳᠪᠦᠷᠢᠯᠡᠵᠦ᠂ ᠰᠠᠶᠢᠨ ᠶᠠᠪᠤᠳᠠᠯ ᠬᠢᠵᠦ᠂ ᠣᠷᠣᠨ ᠨᠤᠲᠤᠭ ᠤᠨ ᠦᠢᠯᠡᠳᠪᠦᠷᠢᠯᠡᠯ ᠤᠨ ᠬᠦᠴᠦᠨ᠂ ᠴᠡᠷᠢᠭ ᠠᠩᠬᠢ ᠶᠢᠨ ᠲᠠᠶᠢᠴᠢᠨ ᠬᠦᠴᠦᠨ ᠪᠣᠯᠤᠨ ᠨᠡᠶᠢᠭᠡᠮ ᠤᠨ ᠨᠢᠭᠲᠠᠷᠠᠯ ᠤᠨ ᠬᠦᠴᠦᠨ ᠢ ᠵᠡᠷᠭᠡᠪᠡᠷ ᠳᠡᠭᠡᠭᠰᠢᠯᠡᠭᠦᠯᠬᠦ ᠶᠢ ᠪᠡᠶᠡᠯᠡᠭᠦᠯᠬᠦ ᠬᠡᠷᠡᠭᠲᠡᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2