ᠴᠢᠬᠤᠯᠠ ᠴᠠᠭ ᠠᠭᠤᠷ ᠤᠨ ᠮᠡᠳᠡᠭᠦᠯᠦᠯᠲᠡ - ᠲᠠᠷᠢᠶᠠᠯᠠᠩ ᠤᠨ ᠬᠤᠷ᠎ᠠ ᠳᠤ ᠪᠣᠷᠣᠭᠠᠨ ᠲᠠᠢ᠂ ᠲᠣᠰ ᠪᠣᠷᠣᠭᠠᠨ ᠨᠢ ᠬᠥᠷᠥᠰᠥᠨ ᠤ ᠴᠢᠭᠢᠭ ᠤᠨ ᠪᠠᠶᠢᠳᠠᠯ ᠢ ᠳᠡᠭᠡᠭᠰᠢᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠳᠤ ᠬᠦᠴᠦᠨ ᠨᠡᠮᠡᠷᠢᠯᠡᠬᠦ ᠳᠤ ᠠᠰᠢᠭᠲᠠᠶ ᠶᠤᠮ
ᠨᠡᠶᠢᠲᠡᠯᠡᠭᠰᠡᠨ ᠴᠠᠭ᠄
2024/4/19
  ᠨᠢᠭᠡ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ    ᠠᠭᠠᠷ ᠤᠨ ᠣᠩᠭᠤᠴᠠ ᠪᠠ ᠭᠠᠵᠠᠷ ᠤᠨ ᠭᠠᠳᠠᠷᠭᠤ ᠶᠢᠨ ᠲᠣᠩᠭᠤᠷᠤᠤ ᠬᠤᠩᠭᠢᠯ ᠤᠨ ᠬᠠᠮᠲᠤ ᠶᠢᠨ ᠨᠥᠯᠥᠭᠡ ᠠᠴᠠ ᠪᠣᠯᠵᠣ᠂ 4 ᠰᠠᠷ᠎ᠠ ᠶᠢᠨ 19 ᠤ ᠥᠷᠯᠥᠭᠡ - 20 ᠤ ᠥᠷᠯᠥᠭᠡ ᠪᠣᠯᠲᠠᠯ᠎ᠠ ᠪᠥᠬᠦ ᠰᠢᠶᠠᠨ ᠳᠤ ᠪᠣᠷᠣᠭᠠᠨ ᠴᠠᠰᠤ ᠣᠷᠣᠵᠤ᠂ 20 ᠤ ᠥᠷᠯᠥᠭᠡ ᠪᠣᠷᠣᠭᠠᠨ ᠴᠠᠰᠤ ᠣᠷᠣᠵᠤ᠂ ᠭᠤᠤᠯ ᠴᠣᠭᠴᠠ ᠶᠢᠨ ᠲᠤᠨᠳᠠᠰᠤᠨ ᠤ ᠴᠠᠭ ᠨᠢ 19 - 15 ᠮᠢᠯᠢᠮᠧᠳ᠋ᠷ᠂ ᠬᠡᠰᠡᠭ ᠭᠠᠵᠠᠷ ᠲᠤ 15 ᠮᠢᠯᠢᠮᠧᠳ᠋ᠷ ᠠᠴᠠ ᠳᠡᠭᠡᠭᠰᠢ ᠪᠣᠯᠬᠤ ᠪᠣᠯᠤᠨ᠎ᠠ᠃ 20 ᠤ ᠡᠳᠦᠷ ᠤᠨ ᠬᠦᠢᠲᠡᠨ ᠠᠭᠤᠷ ᠠᠮᠢᠰᠬᠤᠯ ᠬᠤᠷ᠎ᠠ ᠲᠣᠨᠣᠳᠠᠰᠤ ᠶᠢᠨ ᠬᠤᠭᠤᠴᠠᠭᠠᠨ ᠳᠤ ᠬᠠᠮᠤᠭ ᠤᠨ ᠥᠨᠳᠥᠷ ᠠᠭᠠᠷ ᠤᠨ ᠳᠤᠯᠠᠭᠠᠨ 10 ℃ ᠠᠴᠠ ᠳᠡᠭᠡᠭᠰᠢ ᠪᠠᠭᠤᠷᠠᠵᠤ᠂ ᠳᠤᠮᠳᠠᠴᠢ ᠰᠠᠯᠬᠢᠨ ᠤ ᠬᠦᠴᠦᠨ ᠨᠢ 4 - 5 ᠲᠠᠰ ᠪᠠᠭᠤᠷᠠᠬᠤ ᠪᠣᠯᠤᠨ᠎ᠠ᠃    ᠬᠤᠶᠠᠷ᠂ ᠠᠩᠬᠠᠷᠬᠤ ᠪᠠ ᠰᠠᠨᠠᠭᠤᠯᠭ᠎ᠠ    1. ᠬᠤᠷ᠎ᠠ ᠲᠤᠨᠤᠳᠠᠰᠤ ᠠᠮᠠᠷᠬᠠᠨ ᠵᠠᠮ ᠬᠠᠯᠲᠤᠷᠢᠵᠦ᠂ ᠶᠠᠪᠠᠭᠠᠨ ᠬᠥᠮᠦᠰ ᠲᠤ ᠬᠠᠯᠲᠤᠷᠢᠬᠤ ᠠᠴᠠ ᠰᠡᠷᠭᠡᠶᠢᠯᠡᠬᠦ ᠶᠢ ᠠᠩᠬᠠᠷᠴᠤ᠂ ᠵᠢᠯᠣᠭᠤᠴᠢ ᠵᠢᠯᠣᠭᠤᠳᠬᠤ ᠶᠢ ᠠᠩᠬᠠᠷᠴᠤ᠂ ᠶᠠᠪᠠᠭᠠᠨ ᠬᠥᠮᠦᠨ ᠳᠤ ᠶᠣᠰᠣᠷᠬᠠᠭ ᠢᠶᠠᠷ ᠨᠠᠶᠢᠷ ᠲᠠᠯᠪᠢᠬᠤ ᠶᠢ ᠰᠠᠨᠠᠭᠤᠯᠪᠠ᠃    2. ᠬᠤᠷ᠎ᠠ ᠲᠣᠨᠣᠳᠠᠰᠤ ᠶᠢᠨ ᠶᠠᠪᠤᠴᠠ ᠪᠣᠯ ᠬᠥᠷᠥᠰᠥᠨ ᠤ ᠴᠢᠭᠢᠭ ᠤᠨ ᠪᠠᠶᠢᠳᠠᠯ ᠢ ᠳᠡᠭᠡᠭᠰᠢᠯᠡᠭᠦᠯᠬᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠳᠡᠰ ᠢ ᠪᠠᠭᠤᠷᠠᠭᠤᠯᠬᠤ ᠳᠤ ᠠᠰᠢᠭᠲᠠᠶ ᠪᠥᠭᠡᠳ ᠴᠠᠭ ᠠᠭᠤᠷ ᠤᠨ ᠰᠠᠯᠠᠭ᠎ᠠ ᠮᠥᠴᠢᠷ ᠤᠳ ᠠᠰᠢᠭᠲᠠᠶ ᠴᠠᠭ ᠲᠣᠬᠢᠶᠠᠯ ᠢ ᠠᠮᠵᠢᠨ᠂ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠢᠳᠡᠪᠬᠢᠲᠡᠶ ᠥᠷᠨᠢᠭᠦᠯᠬᠦ ᠪᠣᠯᠤᠨ᠎ᠠ᠃    3. ᠥᠢᠷ᠎ᠠ ᠶᠢᠨ ᠬᠤᠭᠤᠴᠠᠭᠠᠨ ᠳᠤ ᠠᠭᠠᠷ ᠤᠨ ᠳᠤᠯᠠᠭᠠᠨ ᠨᠡᠯᠢᠶᠡᠳ ᠶᠡᠭᠡ ᠪᠠᠶᠢᠵᠤ᠂ ᠣᠯᠠᠨ ᠨᠡᠶᠢᠲᠡ ᠪᠠᠷ ᠢᠶᠠᠨ ᠴᠠᠭ ᠠᠭᠤᠷ ᠤᠨ ᠬᠤᠪᠢᠷᠠᠯᠲᠠ ᠶᠢ ᠴᠠᠭ ᠲᠤᠬᠠᠶ ᠳᠤ ᠨᠢ ᠠᠩᠬᠠᠷᠴᠤ᠂ ᠬᠤᠪᠴᠠᠰᠤ ᠬᠤᠨᠠᠷ ᠢᠶᠠᠨ ᠴᠠᠭ ᠲᠤᠬᠠᠶ ᠳᠤ ᠨᠢ ᠨᠡᠮᠡᠵᠦ ᠬᠠᠰᠤᠭᠠᠷᠠᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2