ᠦᠰᠦᠭ ᠲᠠᠶᠢᠯᠣᠮᠵᠢ᠄    ︽ᠱᠠᠩᠳᠤ ᠰᠢᠶᠠᠨ ᠥᠪᠡᠷᠲᠡᠭᠡᠨ ᠵᠠᠰᠠᠬᠤ ᠣᠷᠣᠨ ᠢ ᠨᠠᠶᠢᠳᠠᠪᠤᠷᠢᠵᠢᠭᠤᠯᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾ ︽ᠱᠠᠩᠳᠤ ᠰᠢᠶᠠᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/2
  ᠥᠪᠡᠷᠲᠡᠭᠡᠨ ᠵᠠᠰᠠᠬᠤ ᠣᠷᠣᠨ ᠪᠠ ᠮᠠᠨ ᠤ ᠰᠢᠶᠠᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠵᠦ᠂ ︽ᠱᠠᠩᠳᠤ ᠰᠢᠶᠠᠨ ᠤ ᠥᠪᠡᠷᠲᠡᠭᠡᠨ ᠵᠠᠰᠠᠬᠤ ᠣᠷᠣᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾ ︽ᠱᠠᠩᠳᠤ ᠰᠢᠶᠠᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾ ᠶᠢ ᠳᠠᠷᠤᠮᠠᠯᠯᠠᠨ ᠲᠠᠷᠬᠠᠭᠠᠪᠠ᠃ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠨᠢ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠲᠠᠯ᠎ᠠ ᠪᠠᠷ ︵5  ᠵᠣᠶᠢᠯ︶᠂ ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ   ︵11 ᠵᠣᠶᠢᠯ︶᠂ ᠣᠯᠠᠨ ᠨᠡᠶᠢᠲᠡ ᠶᠢᠨ ᠦᠨᠳᠦᠰᠦᠨ ᠦᠶ᠋ᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ ︵6 ᠵᠣᠶᠢᠯ︶᠂ ᠣᠯᠠᠨ ᠲᠦᠮᠡᠨ ᠤ ᠣᠷᠣᠨ ᠰᠠᠭᠤᠴᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ︵11 ᠵᠣᠶᠢᠯ︶ ᠳᠥᠷᠪᠡᠨ ᠲᠠᠯ᠎ᠠ ᠪᠠᠷ ᠬᠠᠷᠢᠭᠤᠴᠠᠯᠭ᠎ᠠ ᠶᠢᠨ ᠬᠤᠪᠢᠶᠠᠷᠢᠯᠠᠯ ᠬᠢᠵᠦ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠪᠠᠷ ᠲᠦᠷᠦᠭᠦᠯᠡᠭᠦᠯᠦᠨ᠂ ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠡ ᠪᠠᠷ ᠪᠣᠳᠠᠲᠠᠶ ᠠᠬᠢᠭᠤᠯᠵᠤ᠂ ᠲᠥᠷᠥᠯ ᠵᠦᠶ᠋ᠯ ᠤᠨ ᠲᠦᠷᠭᠡᠨ ᠬᠡᠷᠡᠭᠵᠢᠭᠦᠯᠦᠯᠲᠡ ᠶᠢ ᠠᠬᠢᠭᠤᠯᠵᠤ᠂ ᠡᠯ᠎ᠡ ᠱᠠᠲᠤ ᠦᠶ᠎ᠡ ᠶᠢᠨ ᠠᠵᠢᠯ ᠤᠨ ᠡᠭᠦᠷᠭᠡ ᠪᠠᠨ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠠᠷᠠᠳ ᠣᠯᠠᠨ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ ᠣᠯᠭᠤᠬᠤ ᠬᠡᠷᠡᠭᠲᠡᠶ᠃ᠣᠷᠴᠢᠭᠤᠯᠣᠭᠴᠢ  ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2