ᠰᠢᠶᠤᠤ ᠬᠠᠢ ᠽᠢ ᠪᠠᠯᠭᠠᠰᠤᠨ ᠤ ᠯᠢ ᠵᠢᠶᠠ ᠲᠣᠰᠬᠤᠨ᠄ ᠨᠣᠭᠤᠭᠠᠷᠠᠭᠤᠯᠤᠯᠲᠠ ᠪᠠᠷ ᠬᠥᠳᠡᠭᠡ ᠲᠣᠰᠬᠤᠨ ᠤ ᠭᠤᠶᠤ ᠰᠠᠶᠢᠬᠠᠨ ᠢ ᠴᠢᠮᠡᠪᠡ
ᠨᠡᠶᠢᠲᠡᠯᠡᠭᠰᠡᠨ ᠴᠠᠭ᠄
2024/4/29
 4 ᠰᠠᠷ᠎ᠠ ᠶᠢᠨ 20 ᠤ ᠡᠳᠦᠷ᠂ ᠰᠢᠶᠤᠤ ᠬᠠᠢ ᠽᠢ ᠪᠠᠯᠭᠠᠰᠤᠨ ᠤ ᠯᠢ ᠵᠢᠶᠠ ᠲᠣᠰᠬᠤᠨ ᠤ ᠠᠷᠠᠳ ᠲᠣᠰᠬᠤᠨ ᠤ ᠠᠮᠠᠨ ᠳᠤ ᠰᠢᠨ᠎ᠡ ᠪᠠᠷ ᠣᠯᠤᠭᠰᠠᠨ ᠵᠤᠯᠵᠠᠭ᠎ᠠ ᠮᠣᠳᠣ ᠶᠢ ᠶᠠᠭᠠᠷᠠᠯᠳᠤᠨ ᠲᠠᠷᠢᠵᠤ᠂ ᠨᠦᠬᠡ ᠮᠠᠯᠲᠠᠵᠤ᠂ ᠵᠠᠶᠢᠯᠠᠵᠤ᠂ ᠰᠢᠷᠣᠢ ᠨᠡᠮᠡᠵᠦ᠂ ᠪᠤᠷᠳᠤᠭᠤᠷ ᠣᠷᠣᠭᠤᠯᠵᠤ᠂ ᠤᠰᠤᠯᠠᠵᠤ᠂ ᠤᠯᠠᠨ ᠢᠶᠠᠷ ᠢᠶᠠᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠳᠤ ᠰᠢᠨ᠎ᠡ ᠨᠣᠭᠤᠭᠠᠨ ᠰᠠᠭᠤᠷᠢ ᠦᠩᠭᠡ ᠶᠢ ᠨᠡᠮᠡᠷᠢᠯᠡᠨ᠎ᠡ᠃    ᠡᠲᠡᠭᠡᠷ ᠵᠤᠯᠵᠠᠭ᠎ᠠ ᠮᠣᠳᠣ ᠶᠢ ᠯᠢ ᠵᠢᠶᠠ ᠲᠣᠰᠬᠤᠨ ᠤ ᠬᠤᠶᠠᠷ ᠵᠥᠪᠯᠡᠯ ᠵᠢᠴᠢ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠢᠳᠡᠪᠬᠢᠲᠡᠢ ᠵᠣᠬᠢᠴᠠᠭᠤᠯᠵᠤ᠂ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠳᠡᠮᠵᠢᠨ ᠬᠠᠩᠭᠠᠵᠤ᠂ 300 ᠭᠠᠷᠤᠶ ᠰᠠᠭᠤᠷᠢ ᠰᠢᠨ᠎ᠡ ᠡᠭᠦᠯᠳᠡᠷ ᠤᠨ ᠵᠤᠯᠵᠠᠭ᠎ᠠ ᠮᠣᠳᠣ ᠶᠢ ᠲᠤᠬᠠᠶ ᠶᠢᠨ ᠲᠠᠯᠠᠪᠤᠷ ᠲᠤ ᠲᠡᠷᠢ ᠲᠡᠭᠰᠢ ᠵᠢᠭᠰᠠᠭᠠᠵᠤ᠂ ᠲᠥᠷᠥᠯ ᠵᠦᠢᠯ ᠳᠤ ᠢᠦᠶ ᠶᠧ ᠮᠧᠶ᠂ ᠠᠯᠲᠠᠨ ᠨᠠᠪᠴᠢᠲᠤ ᠮᠧᠶ᠂ ᠭᠠᠴᠤᠷ᠎ᠠ ᠴᠡᠴᠡᠭ᠂ ᠭᠤᠤᠯᠲᠤ ᠪᠣᠷᠣ ᠵᠡᠷᠭᠡ ᠪᠠᠭᠲᠠᠨ᠎ᠠ᠂ ᠡᠲᠡᠭᠡᠷ ᠮᠣᠳᠣᠨ ᠤ ᠲᠥᠷᠥᠯ ᠵᠦᠢᠯ ᠨᠢ ᠬᠦᠢᠲᠡᠨ ᠳᠤ ᠲᠡᠰᠪᠦᠷᠢᠲᠡᠶ ᠭᠠᠩ ᠬᠠᠭᠰᠠᠷᠠᠭᠠᠨ ᠳᠤ ᠲᠡᠰᠪᠦᠷᠢᠲᠡᠶ ᠪᠠᠶᠢᠵᠤ᠂ ᠲᠤᠬᠠᠶ ᠶᠢᠨ ᠭᠠᠵᠠᠷ ᠤᠨ ᠲᠠᠷᠢᠮᠠᠯ ᠤᠨ ᠣᠷᠴᠢᠨ ᠲᠣᠭᠤᠷᠢᠨ ᠳᠤ ᠮᠠᠰᠢ ᠳᠣᠭᠢᠷᠠᠨ᠎ᠠ᠃    ᠾᠧ ᠮᠧᠶ ᠬᠥᠳᠡᠭᠡ ᠲᠣᠰᠬᠤᠨ ᠢ ᠪᠣᠶ ᠪᠣᠯᠭᠠᠬᠤ ᠶᠢᠨ ᠲᠥᠯᠥᠭᠡ᠂ ᠯᠢ ᠵᠢᠶᠠ ᠲᠣᠰᠬᠤᠨ ᠤ ᠬᠤᠶᠠᠷ ᠵᠥᠪᠯᠡᠯ ᠵᠢᠴᠢ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠨᠣᠭᠤᠭᠠᠷᠠᠭᠤᠯᠵᠤ ᠨᠣᠭᠤᠭᠠᠷᠠᠭᠤᠯᠬᠤ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠲᠣᠰᠬᠤᠨ ᠤ ᠠᠷᠠᠳ ᠢ ᠥᠷᠭᠡᠨ ᠢᠶᠠᠷ ᠳᠠᠶᠢᠴᠢᠯᠠᠨ ᠣᠷᠣᠯᠴᠠᠭᠤᠯᠵᠤ᠂ ᠲᠣᠰᠬᠤᠨ ᠤ ᠠᠷᠠᠳ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢᠨ ᠣᠷᠣᠯᠴᠠᠭᠴᠢ᠂ ᠪᠥᠲᠥᠭᠡᠨ ᠪᠠᠶᠢᠭᠤᠯᠤᠭᠴᠢ ᠪᠠ ᠠᠬᠢᠭᠤᠯᠤᠭᠴᠢ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠠᠮᠲᠤ ᠪᠠᠷ ᠵᠠᠰᠠᠬᠤ ᠲᠣᠰᠬᠤᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2