ᠶᠡᠭᠡ ᠬᠦᠷᠢᠶ᠎ᠡ ᠰᠢᠶᠠᠩ ︽ᠪᠣᠯᠪᠠᠰᠤᠨ ᠰᠢᠨ᠎ᠡ ᠴᠠᠭ ᠦᠶ᠎ᠡ︾ ᠶᠢ ᠵᠣᠬᠢᠶᠠᠨ ᠪᠠᠶᠢᠭᠤᠯᠵᠤ ᠰᠣᠨᠢᠷᠬᠠᠪᠠ
ᠨᠡᠶᠢᠲᠡᠯᠡᠭᠰᠡᠨ ᠴᠠᠭ᠄
2024/4/29
  2024 ᠣᠨ ᠤ 4 ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠲᠠᠯ᠎ᠠ᠂ ᠲᠥᠪ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠠᠴᠠ ᠬᠠᠮᠲᠤ ᠪᠠᠷ ᠪᠦᠲᠦᠭᠡᠯ ᠭᠠᠷᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠥᠲᠥᠭᠡᠨ ᠪᠠᠶᠢᠭᠤᠯᠤᠯᠲᠠ ᠪᠠᠷ ᠭᠤᠤᠯ ᠰᠡᠳᠦᠪ ᠪᠣᠯᠭᠠᠭᠰᠠᠨ ᠲᠧᠯᠸᠢᠰ ᠤᠨ ᠲᠤᠰᠬᠠᠶ ᠰᠡᠳᠦᠪᠲᠦ ᠹᠢᠯᠢᠮ ︽ᠪᠣᠯᠪᠠᠰᠤᠨ ᠤ ᠰᠤᠷᠲᠠᠯ ᠪᠠᠳᠠᠷᠠᠯ ᠤᠨ ᠰᠢᠨ᠎ᠡ ᠴᠠᠭ ᠦᠶ᠎ᠡ︾ ᠶᠢ ᠲᠥᠪ ᠬᠤᠷᠢᠶ᠎ᠠ ᠳᠤ ᠨᠡᠪᠲᠡᠷᠡᠭᠦᠯᠪᠡ᠂ ᠡᠭᠦᠨ ᠳᠤ ᠶᠡᠭᠡ ᠬᠦᠷᠢᠶ᠎ᠡ ᠰᠢᠶᠠᠩ 4 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ ᠲᠤᠰᠬᠠᠶ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠪᠥᠬᠦ ᠰᠢᠶᠠᠩ ᠤᠨ ᠪᠥᠬᠦ ᠤᠳᠤᠷᠢᠳᠤᠯᠭ᠎ᠠ᠂ ᠺᠠᠳ᠋ᠷ᠂ ᠡᠯ᠎ᠡ ᠲᠣᠰᠬᠤᠨ ᠤ ᠬᠤᠶᠠᠷ ᠵᠥᠪᠯᠡᠯ ᠤᠨ ᠺᠠᠳ᠋ᠷ ᠪᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶ ᠤᠨ ᠬᠡᠰᠡᠭ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠤᠨ ᠬᠤᠷᠠᠯ ᠳᠤ ᠣᠷᠣᠯᠴᠠᠭᠤᠯᠵᠤ᠂ ᠬᠤᠷᠠᠯ ᠳᠤ ᠣᠷᠣᠯᠴᠠᠭᠰᠠᠳ ᠢ ᠳᠠᠶᠢᠴᠢᠯᠠᠨ ᠢᠳᠡᠪᠬᠢᠲᠡᠶ ᠪᠠᠷ ᠰᠤᠷᠤᠯᠴᠠᠯᠭ᠎ᠠ ᠶᠢ ᠰᠣᠨᠢᠷᠬᠠᠭᠤᠯᠵᠤ᠂ ᠲᠤᠰᠬᠠᠶ ᠰᠡᠳᠦᠪᠲᠦ ᠹᠢᠯᠢᠮ ᠢ ᠰᠣᠨᠢᠷᠬᠠᠬᠤ ᠪᠠᠷ ᠠᠵᠠ ᠲᠣᠬᠢᠶᠠᠯ ᠪᠣᠯᠭᠠᠨ᠂ ᠲᠣᠰ ᠪᠡᠶ᠎ᠡ ᠶᠢᠨ ᠦᠵᠡᠯ ᠰᠠᠨᠠᠭᠠᠨ ᠤ ᠠᠬᠤᠶ ᠪᠠᠶᠢᠳᠠᠯ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠬᠥᠳᠡᠯᠭᠡᠬᠦ ᠬᠦᠴᠦᠨ ᠪᠠ ᠴᠢᠳᠠᠪᠤᠷᠢ ᠶᠢ ᠨᠢ ᠴᠢᠩᠭᠠᠳᠬᠠᠪᠠ᠃    ᠰᠢᠶᠠᠩ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠬᠤ᠋ ᠵᠢᠶᠦ᠋ᠨ ᠨᠥᠬᠦᠷ ᠲᠤᠰ ᠤᠳᠠᠭ᠎ᠠ ᠶᠢᠨ ᠬᠤᠷᠠᠯ ᠢ ᠡᠷᠬᠢᠯᠡᠵᠦ᠂ ᠲᠡᠷᠡ᠂ ︽ᠪᠣᠯᠪᠠᠰᠤᠨ ᠰᠤᠷᠲᠠᠯ ᠪᠠᠳᠠᠷᠠᠩᠭᠤᠶ ᠰᠢᠨ᠎ᠡ ᠴᠠᠭ ᠦᠶ᠎ᠡ︾ ᠭᠡᠬᠦ ᠲᠤᠰᠬᠠᠢ ᠰᠡᠳᠦᠪᠲᠦ ᠹᠢᠯᠢᠮ ᠤᠨ ᠪᠣᠳᠠᠲᠤ ᠠᠮᠢᠳᠤᠷᠠᠯ ᠤᠨ ᠳᠤᠮᠳᠠᠬᠢ ᠪᠣᠳᠠᠲᠤ ᠵᠢᠱᠢᠶ᠎ᠡ᠂ ᠬᠥᠮᠦᠰ ᠪᠣᠯᠤᠨ ᠦᠯᠢᠭᠡᠷ ᠢᠶᠠᠷ ᠳᠠᠮᠵᠢᠭᠤᠯᠵᠤ᠂ ᠪᠦᠬᠦ ᠤᠯᠤᠰ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠵᠤ᠂ ᠬᠥᠮᠦᠰ ᠤᠨ ᠰᠡᠳᠬᠢᠯ ᠳᠤ ᠭᠦᠨ ᠬᠠᠳᠠᠩᠰᠢᠭᠰᠠᠨ ᠪᠣᠳᠠᠲᠠᠢ ᠠᠬᠢᠴᠠ ᠶᠢ ᠢᠯᠡᠷᠡᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠤ ᠢᠳᠡᠪᠬᠢᠲᠡᠢ ᠪᠠᠷ ᠥᠭᠡᠳᠡᠯᠡᠨ ᠲᠠᠪᠰᠢᠬᠤ᠂ ᠰᠠᠶᠢᠨ ᠰᠠᠶᠢᠬᠠᠨ ᠠᠮᠢᠳᠤᠷᠠᠯ ᠢ ᠬᠥᠭᠡᠭᠡᠴᠡᠯᠳᠦᠬᠦ ᠬᠠᠯᠠᠭᠤᠨ ᠦᠢᠯᠡᠳᠦᠯᠭᠡ ᠶᠢ ᠢᠯᠡᠷᠡᠭᠦᠯᠪᠡ ᠭᠡᠵᠦ ᠢᠯᠡᠳᠬᠡᠪᠡ᠃ ᠲᠤᠰ ᠹᠢᠯᠢᠮ ᠨᠢ ᠪᠢᠳᠡᠨ ᠳᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠪᠣᠯᠤᠨ ᠦᠷ᠎ᠡ ᠪᠦᠲᠦᠭᠡᠯ ᠢ ᠪᠦᠬᠦ ᠲᠠᠯ᠎ᠠ ᠪᠠᠷ ᠳᠡᠯᠭᠡᠨ ᠦᠵᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠤᠯᠠᠨ ᠳᠤ ᠨᠡᠩ ᠭᠦᠨᠵᠡᠭᠡᠢ ᠤᠢᠢᠯᠠᠭᠠᠭᠤᠯᠵᠤ᠂ ᠪᠣᠯᠪᠠᠰᠤᠨ ᠤ ᠦᠢᠯᠡᠳᠦᠯᠭᠡ ᠶᠢᠨ ᠲᠥᠪ ᠪᠣᠯ ᠰᠢᠯᠢᠳᠡᠭ ᠰᠣᠶᠣᠯ ᠢ ᠤᠯᠠᠮᠵᠢᠯᠠᠨ ᠪᠠᠳᠠᠷᠠᠭᠤᠯᠬᠤ ᠲᠠᠪᠴᠠᠩ ᠪᠣᠯᠬᠤ ᠪᠠᠷ ᠪᠠᠷᠠᠬᠤ ᠦᠭᠡᠢ᠂ ᠨᠡᠩ ᠴᠤ ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠴᠢᠬᠤᠯᠠ ᠵᠢᠭᠰᠠᠭᠠᠯ ᠤᠨ ᠭᠠᠵᠠᠷ ᠪᠠᠶᠢᠵᠤ᠂ ᠬᠥᠳᠡᠭᠡ ᠲᠣᠰᠬᠤᠨ ᠤ ᠬᠤᠶᠠᠷ ᠱᠠᠲᠤᠨ ᠤ ᠺᠠᠳ᠋ᠷ ᠪᠣᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠦᠷᠳᠡᠭᠡ︶ ᠤᠨ ᠰᠠᠶᠢᠨ ᠳᠤᠷ᠎ᠠ ᠶᠢᠨ ᠠᠵᠢᠯᠯᠠᠭᠰᠠᠳ ᠤᠨ ᠠᠷᠠᠳ ᠲᠦᠮᠡᠨ ᠳᠤ ᠦᠢᠯᠡᠴᠢᠯᠡᠬᠦ ᠴᠤᠭ ᠰᠦᠯᠳᠡ ᠶᠢ ᠤᠯᠠᠮ ᠴᠢᠨᠠᠭᠰᠢᠳᠠ ᠬᠥᠭᠵᠢᠭᠡᠬᠦ ᠳᠤ ᠴᠢᠬᠤᠯᠠ ᠢᠳᠡᠪᠬᠢ ᠠᠴᠢ ᠬᠤᠯᠪᠣᠭᠳᠠᠯ ᠲᠠᠢ ᠶᠤᠮ᠃    ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠨ ᠬᠥᠳᠡᠭᠡ ᠲᠣᠰᠬᠤᠨ ᠤ ᠬᠤᠶᠠᠷ ᠱᠠᠲᠤᠨ ᠤ ᠺᠠᠳ᠋ᠷ ᠪᠣᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠬᠤᠶᠢᠨ᠎ᠠ ᠬᠤᠶᠢᠨ᠎ᠠ ᠠᠴᠠ ᠪᠠᠨ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠲᠤᠰᠬᠠᠢ ᠰᠡᠳᠦᠪᠲᠦ ᠹᠢᠯᠢᠮ ᠢ ᠢᠳᠡᠪᠬᠢᠲᠡᠢ ᠦᠵᠡᠵᠦ᠂ ᠭᠤᠷᠪᠠᠨ ᠡᠳᠦᠷ ᠤᠨ ᠳᠣᠲᠣᠷ᠎ᠠ 870 ᠭᠠᠷᠤᠢ ᠤᠳᠠᠭ᠎ᠠ ᠦᠵᠡᠵᠦ᠂ ᠰᠣᠨᠢᠷᠬᠠᠬᠤ ᠪᠠᠷ ᠳᠠᠮᠵᠢᠨ᠂ ᠤᠯᠠᠨ ᠢᠶᠠᠷ ᠢᠶᠠᠨ ᠲᠤᠰᠬᠠᠢ ᠰᠡᠳᠦᠪᠲᠦ ᠹᠢᠯᠢᠮ ᠤᠨ ᠳᠣᠲᠣᠷᠠᠬᠢ ᠪᠣᠳᠠᠲᠤ ᠵᠢᠱᠢᠶ᠎ᠡ᠂ ᠬᠥᠮᠦᠰ ᠪᠣᠯᠤᠨ ᠦᠯᠢᠬᠡᠷ ᠠᠴᠠ ᠪᠢᠳᠡᠨ ᠳᠤ ᠮᠠᠰᠢ ᠶᠡᠭᠡ ᠰᠡᠩᠬᠡᠷᠡᠭᠦᠯᠦᠯ ᠪᠠ ᠵᠣᠷᠢᠭᠵᠢᠭᠤᠯᠤᠯ ᠥᠭᠴᠡᠢ᠂ ᠤᠶᠤᠨ ᠤ ᠪᠣᠯᠪᠠᠰᠤᠨ ᠤ ᠪᠠᠶᠢᠭᠤᠯᠤᠯᠲᠠ ᠪᠣᠯ ᠠᠷᠠᠳ ᠲᠦᠮᠡᠨ ᠤ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠤᠨ ᠦᠨᠳᠦᠰᠦᠨ ᠵᠣᠷᠢᠯᠲᠠ ᠪᠣᠯᠤᠨ᠎ᠠ ᠭᠡᠵᠦ ᠢᠯᠡᠳᠬᠡᠵᠡᠭᠡᠪᠡ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2