ᠲᠦᠨ ᠺᠧᠨ ᠳ᠋ᠦᠢ ᠪᠠᠯᠭᠠᠰᠤᠨ ᠤ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2024/4/29
  4 ᠰᠠᠷ᠎ᠠ ᠶᠢᠨ 19 ᠤ ᠡᠳᠦᠷ᠂ ᠲᠦᠨ ᠺᠧᠨ ᠳ᠋ᠦᠢ ᠪᠠᠯᠭᠠᠰᠤᠨ ᠤ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠪᠠᠯᠭᠠᠰᠤᠨ ᠤ ᠵᠠᠰᠠᠭ ᠤᠨ ᠣᠷᠳᠣᠨ ᠤ ᠬᠤᠷᠠᠯ ᠤᠨ ᠭᠡᠷ ᠲᠤ ᠬᠤᠷᠠᠯᠳᠤᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠧ ᠱᠢ ᠬᠠᠢ ᠨᠠᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃    ᠶᠡᠭᠡ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠮᠠ ᠺᠧ ᠡᠷᠬᠢᠯᠡᠵᠦ᠂ ᠬᠤᠷᠠᠯ ᠠᠴᠠ ︽ᠠᠳᠠᠷ ᠬᠠᠭᠠᠯᠪᠤᠷᠢᠯᠠᠯᠲᠠ ᠶᠢᠨ ᠠᠩᠭᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ︾᠂ ︽ᠠᠲᠠᠷ ᠬᠠᠭᠠᠯᠪᠤᠷᠢᠯᠠᠯᠲᠠ ᠶᠢᠨ ᠠᠩᠭᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠭᠦᠯᠦᠯᠲᠡ︾᠂ ︽ᠠᠷᠠᠳ ᠤᠨ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠭᠡᠭᠰᠡᠨ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠵᠦ᠂ 2024 ᠣᠨ ᠤ ᠠᠲᠠᠷ ᠬᠠᠭᠠᠯᠪᠤᠷᠢᠯᠠᠯᠲᠠ ᠶᠢᠨ ᠠᠩᠭᠢ ᠪᠠᠯᠭᠠᠰᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠢᠯᠧᠲ ᠢᠶᠠᠷ ᠲᠣᠭᠲᠠᠭᠠᠵᠤ᠂ ︽ᠠᠲᠠᠷ ᠬᠠᠭᠠᠯᠪᠤᠷᠢᠯᠠᠯᠲᠠ ᠶᠢᠨ ᠠᠩᠭᠢ ᠪᠠᠯᠭᠠᠰᠤᠨ ᠤ 2024 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠬᠢᠨᠠᠨ ᠪᠠᠶᠢᠴᠠᠭᠠᠪᠠ᠃ ᠵᠠᠩ ᠵᠢᠶᠦ᠋ᠨ ᠨᠥᠬᠦᠷ᠂ ᠶᠣᠣ ᠰᠢᠤᠢ ᠯᠦᠩ ᠨᠥᠬᠦᠷ ᠢ ᠲᠦᠨ ᠺᠧᠨ ᠳ᠋ᠦᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠰᠣᠩᠭᠤᠵᠤ᠂ ᠰᠢᠨ᠎ᠡ ᠪᠠᠷ ᠰᠣᠩᠭᠤᠭᠳᠠᠭᠰᠠᠨ ᠨᠥᠬᠦᠳ ᠢ ᠦᠨᠳᠦᠰᠦᠨ ᠬᠠᠤᠯᠢ ᠳᠤ ᠲᠠᠩᠭᠠᠷᠢᠭᠯᠠᠪᠠ᠃ ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2