2024 ᠣᠨ ᠳᠤ ᠤᠯᠠᠭᠠᠨᠴᠠᠪ ᠬᠤᠲᠠ ᠶᠢᠨ ︽ᠰᠢᠪᠠᠭᠤ ᠪᠠᠨ ᠬᠠᠶᠢᠷᠠᠯᠠᠬᠤ ᠭᠠᠷᠠᠭ︾᠂ ︽ᠪᠠᠶᠢᠭᠠᠯᠢ ᠶᠢᠨ ᠰᠤᠷᠭᠠᠨ ᠬᠥᠮᠦᠵᠢᠯ ᠤᠨ ᠭᠠᠷᠠᠭ︾ ᠤᠨ ᠠᠵᠢᠯᠯᠠᠭ᠎ᠠ ᠵᠢᠴᠢ ᠰᠠᠶᠢᠨ ᠳᠤᠷ᠎ᠠ ᠶᠢᠨ ᠠᠵᠢᠯᠯᠠᠭᠴᠢᠳ ᠤᠨ ︽ᠨᠢᠰᠬᠦ ᠶᠢ ᠬᠠᠮᠠᠭᠠᠯᠠᠬᠤ ᠠᠵᠢᠯᠯᠠᠭ᠎ᠠ︾ ᠶᠢᠨ ᠡᠬᠢᠯᠡᠯᠲᠡ ᠶᠢᠨ ᠶᠣᠰᠣᠯᠠᠯ ᠱᠠᠩᠳᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/4/29
 ᠤᠷᠢᠬᠠᠨ ᠬᠠᠪᠤᠷ ᠡᠬᠡ ᠭᠠᠵᠠᠷ ᠲᠤ ᠢᠷᠡᠵᠦ᠂ ᠲᠦᠮᠡᠨ ᠪᠣᠳᠠᠰ ᠠᠮᠢᠯᠠᠨ ᠠᠮᠢᠯᠠᠨ᠎ᠠ᠃ 4 ᠰᠠᠷ᠎ᠠ ᠶᠢᠨ 23 ᠤ ᠡᠳᠦᠷ᠂ 2024 ᠣᠨ ᠳᠤ ᠤᠯᠠᠭᠠᠨᠴᠠᠪ ᠬᠤᠲᠠ ᠶᠢᠨ ︽ᠰᠢᠪᠠᠭᠤ ᠪᠠᠨ ᠬᠠᠶᠢᠷᠠᠯᠠᠬᠤ ᠭᠠᠷᠠᠭ︾᠂ ︽ᠪᠠᠶᠢᠭᠠᠯᠢ ᠶᠢᠨ ᠰᠤᠷᠭᠠᠨ ᠬᠥᠮᠦᠵᠢᠯ ᠤᠨ ᠭᠠᠷᠠᠭ︾ ᠤᠨ ᠠᠵᠢᠯᠯᠠᠭ᠎ᠠ ᠵᠢᠴᠢ ᠰᠠᠶᠢᠨ ᠳᠤᠷ᠎ᠠ ᠶᠢᠨ ᠠᠵᠢᠯᠯᠠᠭᠴᠢᠳ ᠤᠨ ︽ᠨᠢᠰᠬᠦ ᠢ ᠬᠠᠮᠠᠭᠠᠯᠠᠬᠤ ᠠᠵᠢᠯᠯᠠᠭ᠎ᠠ︾ ᠶᠢᠨ ᠡᠬᠢᠯᠡᠯᠲᠡ ᠶᠢᠨ ᠶᠣᠰᠣᠯᠠᠯ ᠱᠠᠩᠳᠤ ᠰᠢᠶᠠᠨ ᠤ ᠴᠠᠭᠠᠨᠨᠠᠭᠤᠷ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ ᠶᠠᠪᠤᠭᠳᠠᠪᠠ᠃    ᠲᠣᠰ ᠤᠳᠠᠭᠠᠨ ᠤ ᠠᠵᠢᠯᠯᠠᠭ᠎ᠠ ᠶᠢᠨ ᠭᠤᠤᠯ ᠰᠡᠳᠦᠪ ᠪᠣᠯ ︽ᠬᠠᠮᠠᠭᠠᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠡᠭᠦᠳᠡᠯ ᠤᠨ ᠰᠢᠪᠠᠭᠤ ᠶᠢ ᠬᠠᠮᠠᠭᠠᠯᠠᠨ ᠬᠠᠶᠢᠷᠠᠯᠠᠬᠤ︾ ᠪᠣᠯᠤᠨ᠎ᠠ᠃ ᠠᠵᠢᠯᠯᠠᠭ᠎ᠠ ᠶᠢ ᠤᠯᠠᠭᠠᠨᠴᠠᠪ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ ᠂ ᠵᠠᠩ ᠵᠢᠶᠠ ᠺᠧᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠱᠠᠩ ᠢ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠨᠤᠭᠤ ᠭᠠᠵᠠᠷ ᠤᠨ ᠬᠠᠮᠠᠭᠠᠯᠠᠯᠲᠠ ᠶᠢᠨ ᠲᠥᠪ ᠠᠴᠠ ᠬᠠᠮᠵᠢᠯᠴᠠᠨ ᠡᠷᠭᠢᠯᠡᠵᠦ᠂ ᠱᠠᠩᠳᠤ ᠰᠢᠶᠠᠨ ᠤ ᠨᠤᠭᠤ ᠭᠠᠵᠠᠷ ᠤᠨ ᠬᠠᠮᠠᠭᠠᠯᠠᠯᠲᠠ ᠶᠢᠨ ᠲᠥᠪ᠂ ᠱᠠᠩᠳᠤ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠠᠭᠠᠭᠠᠴᠢᠯᠠᠨ ᠡᠷᠭᠢᠯᠡᠪᠡ᠃    ᠶᠣᠰᠣᠯᠠᠯ ᠳᠡᠭᠡᠷ᠎ᠡ᠂ ᠤᠯᠠᠭᠠᠨᠴᠠᠪ ᠬᠤᠲᠠ᠂ ᠵᠠᠩ ᠵᠢᠶᠠ ᠺᠧᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠬᠠᠮᠲᠤ ᠪᠠᠷ 2024 ᠣᠨ ᠤ ᠤᠯᠠᠭᠠᠨᠴᠠᠪ ᠬᠤᠲᠠ ᠶᠢᠨ ︽ᠰᠢᠪᠠᠭᠤ ᠶᠢ ᠬᠠᠶᠢᠷᠠᠯᠠᠬᠤ ᠭᠠᠷᠠᠭ︾᠂ ︽ᠪᠠᠶᠢᠭᠠᠯᠢ ᠶᠢᠨ ᠰᠤᠷᠭᠠᠨ ᠬᠥᠮᠦᠵᠢᠯ ᠤᠨ ᠭᠠᠷᠠᠭ︾ ᠤᠨ ᠠᠵᠢᠯᠯᠠᠭ᠎ᠠ ᠵᠢᠴᠢ ᠰᠠᠶᠢᠨ ᠳᠤᠷᠠᠴᠤᠳ ᠤᠨ ︽ᠨᠢᠰᠬᠦ ᠶᠢ ᠬᠠᠮᠠᠭᠠᠯᠠᠬᠤ ᠠᠵᠢᠯᠯᠠᠭ᠎ᠠ︾ ᠶᠢ ᠡᠬᠢᠯᠡᠭᠦᠯᠪᠡ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ᠂ ᠬᠢᠨᠠᠨ ᠬᠡᠮᠵᠢᠬᠦ ᠲᠥᠪ ᠢ ᠲᠣᠭᠤᠷᠢᠨ ᠦᠵᠡᠬᠦ ᠪᠠᠷ ᠳᠠᠮᠵᠢᠭᠤᠯᠤᠨ᠂ ᠰᠢᠪᠠᠭᠤᠨ ᠤ ᠲᠥᠷᠥᠯ ᠤᠨ ᠨᠢᠰᠦᠯᠲᠡ ᠶᠢᠨ ᠠᠵᠢᠯᠯᠠᠭ᠎ᠠ ᠪᠠ ᠨᠤᠭᠤ ᠭᠠᠵᠠᠷ ᠤᠨ ᠰᠢᠪᠠᠭᠤᠨ ᠤ ᠲᠥᠷᠥᠯ ᠤᠨ ᠮᠡᠳᠡᠯᠭᠡ ᠶᠢᠨ ᠲᠠᠶᠢᠯᠤᠮᠵᠢ ᠵᠡᠷᠭᠡ ᠡᠯᠪᠡᠭ ᠪᠠᠶᠠᠯᠢᠭ ᠣᠯᠠᠨ ᠶᠠᠩᠵᠤ ᠶᠢᠨ ᠰᠢᠷᠢᠰ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠤ ᠰᠢᠪᠠᠭᠤᠨ ᠤ ᠲᠥᠷᠥᠯ ᠵᠡᠷᠭᠡ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︽ᠡᠨᠡ ᠤᠳᠠᠭᠠᠨ ᠤ ᠬᠥᠳᠡᠯᠭᠡᠭᠡᠨ ᠨᠢ ᠮᠠᠰᠢ ᠣᠯᠠᠨ ᠰᠢᠪᠠᠭᠤᠨ ᠤ ᠲᠥᠷᠥᠯ ᠢ ᠲᠠᠨᠢᠭᠤᠯᠪᠠ᠂ ᠵᠢᠱᠢᠶᠡᠯᠡᠪᠡᠯ ᠬᠠᠯᠲᠠᠷ ᠨᠤᠭᠤᠰᠤ᠂ ᠬᠤᠨ ᠭᠠᠯᠠᠭᠤ ᠵᠡᠷᠭᠡ ᠨᠤᠭᠤ ᠭᠠᠵᠠᠷ ᠤᠨ ᠴᠡᠴᠡᠷᠯᠢᠭ ᠨᠢ ᠬᠡᠭᠡᠷ᠎ᠡ ᠶᠢᠨ ᠠᠮᠢᠲᠠᠨ ᠳᠤ ᠲᠡᠳᠡᠨ ᠤ ᠥᠪᠡᠷ ᠤᠨ ᠭᠡᠷ ᠣᠷᠣᠨ ᠢᠶᠠᠨ ᠪᠠᠶᠢᠭᠤᠯᠵᠤ ᠥᠭᠭᠦᠭᠰᠡᠨ ᠪᠥᠭᠡᠳ ᠣᠷᠴᠢᠨ ᠲᠣᠭᠤᠷᠢᠨ ᠢ ᠬᠠᠮᠠᠭᠠᠯᠠᠬᠤ ᠨᠢ ᠰᠢᠪᠠᠭᠤ ᠶᠢ ᠬᠠᠮᠠᠭᠠᠯᠠᠬᠤ ᠳᠤ ᠴᠢᠬᠤᠯᠠ ᠴᠢᠨᠠᠷ ᠢ ᠣᠶᠢᠯᠠᠭᠠᠵᠤ ᠪᠠᠶᠢᠨ᠎ᠠ︾ ᠭᠡᠵᠦ ᠱᠠᠩᠳᠤ ᠰᠢᠶᠠᠨ ᠤ ᠫᠢᠩ ᠠᠨ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ ᠨᠢᠭᠡᠳᠦᠭᠡᠷ ᠠᠩᠬᠢ ᠶᠢᠨ ᠰᠤᠷᠤᠭᠴᠢ ᠯᠢ ᠽᠢ ᠰᠢᠦᠸᠠᠨ ᠬᠡᠯᠡᠪᠡ᠃    ᠱᠠᠩᠳᠤ ᠰᠢᠶᠠᠨ ᠤ ᠴᠠᠭᠠᠨᠨᠠᠭᠤᠷ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠠᠵᠢᠯᠲᠠᠨ ᠸᠠᠩ ᠬᠤᠤ ᠮᠢᠨ᠄ ︽ᠣᠶᠢᠷ᠎ᠠ ᠶᠢᠨ ᠵᠢᠯ ᠳᠤ᠂ ᠮᠠᠨ ᠤ ᠴᠠᠭᠠᠨᠨᠠᠭᠤᠷ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠢ ᠬᠠᠮᠠᠭᠠᠯᠠᠬᠤ ᠪᠠ ᠰᠡᠷᠭᠦᠭᠡᠬᠦ ᠶᠢ ᠳᠠᠭᠠᠯᠳᠤᠨ᠂ ᠠᠳᠡ ᠨᠡᠭᠦᠭᠰᠡᠨ ᠪᠠ ᠰᠠᠭᠤᠵᠤ ᠪᠠᠶᠢᠭ᠎ᠠ ᠰᠢᠪᠠᠭᠤ ᠶᠢᠨ ᠲᠥᠷᠥᠯ ᠤᠯᠠᠮ ᠠᠴᠠ ᠤᠯᠠᠮ ᠨᠡᠮᠡᠭᠳᠡᠵᠦ᠂ ᠣᠲᠣ ᠨᠢᠭᠡᠨᠲᠡ ᠬᠢᠨᠠᠨ ᠬᠡᠮᠵᠢᠭᠰᠡᠨ ᠰᠢᠪᠠᠭᠤᠨ ᠤ ᠲᠥᠷᠥᠯ ᠨᠢᠭᠡᠨᠲᠡ 119 ᠳᠤ ᠬᠦᠷᠴᠡᠶ᠃ ᠠᠳᠡ ᠪᠢᠳᠡ ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ ᠢ ᠰᠢᠪᠠᠭᠤ ᠪᠠᠨ ᠬᠠᠶᠢᠷᠠᠯᠠᠨ ᠰᠢᠪᠠᠭᠤ ᠪᠠᠨ ᠬᠠᠮᠠᠭᠠᠯᠠᠬᠤ ᠤᠬᠠᠭᠤᠯᠤᠭᠴᠢ ᠪᠣᠯᠵᠣ᠂ ᠠᠮᠢ ᠠᠬᠤᠶ ᠶᠢᠨ ᠣᠶᠢᠯᠠᠭᠠᠭᠳᠠᠬᠤᠨ ᠤ ᠦᠢᠯᠡᠳᠦᠯᠭᠡᠵᠢᠭᠦᠯᠦᠭᠴᠢ ᠪᠣᠯᠵᠣ᠂ ᠪᠥᠬᠦ ᠨᠡᠶᠢᠭᠡᠮ ᠢ ᠢᠳᠡᠪᠬᠢᠲᠡᠶ ᠳᠠᠶᠢᠴᠢᠯᠠᠨ ᠰᠢᠪᠠᠭᠤᠨ ᠤ ᠲᠥᠷᠥᠯ ᠤᠨ ᠬᠡᠭᠡᠷ᠎ᠡ ᠶᠢᠨ ᠬᠠᠮᠠᠭᠠᠯᠠᠯᠲᠠ ᠶᠢᠨ ᠦᠢᠯᠡᠰ ᠲᠤ ᠬᠠᠮᠲᠤ ᠪᠠᠷ ᠣᠷᠣᠯᠴᠠᠭᠤᠯᠬᠤ ᠬᠡᠷᠡᠭᠲᠡᠶ︾ ᠭᠡᠵᠦ ᠤᠷᠢᠶᠠᠯᠠᠵᠤ ᠪᠠᠶᠢᠨ᠎ᠠ᠃    ᠲᠣᠰ ᠤᠳᠠᠭᠠᠨ ᠤ ᠠᠵᠢᠯᠯᠠᠭ᠎ᠠ ᠨᠢ ᠣᠷᠣᠨ ᠪᠦᠰᠡ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠬᠡᠭᠡᠷ᠎ᠡ ᠶᠢᠨ ᠰᠢᠪᠠᠭᠤᠨ ᠤ ᠲᠥᠷᠥᠯ ᠵᠢᠴᠢ ᠣᠷᠣᠰᠢᠨ ᠠᠮᠢᠳᠤᠷᠠᠬᠤ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ᠂ ᠣᠯᠠᠨ ᠲᠦᠮᠡᠨ ᠤ ᠰᠢᠪᠠᠭᠤᠳ ᠢ ᠬᠠᠶᠢᠷᠠᠯᠠᠨ ᠬᠠᠮᠠᠭᠠᠯᠠᠬᠤ ᠠᠮᠢ ᠠᠬᠤᠶ ᠶᠢᠨ ᠪᠣᠯᠪᠠᠰᠤᠨ ᠤ ᠤᠬᠠᠮᠰᠠᠷ ᠢ ᠨᠡᠮᠡᠭᠳᠡᠭᠦᠯᠬᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠬᠡᠷ ᠣᠷᠣᠨ ᠢ ᠬᠠᠮᠲᠤ ᠪᠠᠷ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2